ᠦᠨᠡᠨᠴᠢ ᠢᠳᠡᠭᠡᠮᠵᠢ ᠪᠠᠷ ᠠᠷᠠᠯᠵᠢᠶ᠎ᠠ ᠬᠤᠳᠠᠯᠳᠤᠭ᠎ᠠ ᠶᠢ ᠬᠦᠭᠵᠢᠭᠦᠯᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/5/13
ᠪᠥᠬᠦ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠳᠤ᠄    ᠦᠨᠡᠨᠴᠢ ᠢᠲᠡᠭᠡᠮᠵᠢᠲᠡᠶ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ᠂ ᠮᠦᠨᠴᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠠᠵᠤ ᠠᠬᠤᠶ ᠳᠤ ᠰᠠᠭᠤᠷᠢᠯᠠᠬᠤ ᠦᠨᠳᠦᠰᠦ ᠪᠦᠭᠡᠳ ᠠᠵᠢᠯ ᠦᠢᠯᠡᠰ ᠢᠶᠠᠨ ᠮᠠᠨᠳᠤᠭᠤᠯᠬᠤ ᠠᠷᠭ᠎ᠠ ᠵᠠᠮ᠂ ᠠᠵᠤ ᠠᠬᠤᠶᠢᠯᠠᠯ ᠤᠨ ᠯᠠᠪᠳᠠᠭᠤᠨ ᠴᠢᠮᠪᠠᠢ ᠪᠠᠷ ᠠᠯᠤᠰ ᠢ ᠵᠤᠷᠢᠬᠤ ᠶᠢᠨ ᠳᠠᠯᠳᠠ ᠬᠥᠷᠥᠩᠭᠡ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠲᠤᠭᠤᠷᠢᠨ ᠳᠤ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠶᠢᠨ ᠲᠥᠯᠥᠭᠡ᠂ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠠᠴᠠ ᠪᠥᠬᠦ ᠬᠤᠰᠢᠭᠤᠨ ᠤ ᠠᠷᠠᠯᠵᠢᠶ᠎ᠠ ᠭᠦᠢᠯᠭᠡᠭᠡᠨ ᠤ ᠠᠵᠤ ᠠᠬᠤᠶᠢᠯᠠᠯ ᠳᠤ ᠳᠣᠤᠷᠠᠬᠢ ᠰᠠᠨᠠᠭᠠᠴᠢᠯᠠᠭ᠎ᠠ ᠶᠢ ᠭᠠᠷᠭᠠᠪᠠ᠄    ᠨᠢᠭᠡ ᠳᠤ᠂ ᠤᠯᠤᠰ ᠤᠨ ᠬᠠᠤᠯᠢ ᠲᠦᠷᠢᠮ᠂ ᠠᠵᠢᠯ ᠲᠥᠷᠥᠯ ᠤᠨ ᠶᠤᠰᠤ ᠲᠦᠷᠢᠮ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠲᠤᠭᠳᠠᠭᠠᠯ ᠵᠡᠷᠭᠡ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠭᠠᠶᠢᠯᠢ ᠰᠦᠢᠳᠬᠡᠯ ᠠᠴᠠ ᠲᠤᠳᠠᠭᠠᠬᠤ  ᠂ ᠬᠠᠭᠤᠷᠮᠠᠭ ᠡᠳ᠋ ᠦᠢᠯᠡᠳᠴᠦ ᠪᠣᠷᠣᠯᠠᠭᠤᠯᠬᠤ᠂ ᠭᠡᠷ᠎ᠡ ᠠᠴᠠ ᠵᠥᠷᠢᠴᠡᠬᠦ᠂ ᠬᠤᠳᠠᠯᠳᠤᠭᠠᠨ ᠤ ᠮᠡᠬᠡᠯᠡᠯ ᠬᠢᠬᠦ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠨ ᠬᠠᠤᠯᠢ ᠶᠣᠰᠣᠭᠠᠷ ᠡᠵᠡᠩᠨᠡᠬᠦ᠂ ᠡᠷᠬᠡ ᠲᠡᠭᠰᠢ ᠪᠠᠷ ᠥᠷᠢᠰᠥᠯᠳᠦᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠠᠮᠲᠤ ᠪᠠᠷ ᠪᠤᠢ ᠪᠤᠯᠭᠠᠶ᠎ᠠ᠃    ᠬᠤᠶᠠᠷ ᠲᠤ᠂ ︽ᠦᠨᠡᠨᠴᠢ ᠢᠲᠡᠭᠡᠮᠵᠢᠲᠡᠶ ᠪᠠᠶᠢᠬᠤ ᠪᠠᠷ ᠢᠷᠠᠭᠤ ᠠᠯᠳᠠᠷ ᠢᠶᠠᠨ ᠪᠣᠯᠭᠠᠵᠤ᠂ ᠠᠰᠢᠭ ᠲᠤᠰᠠ ᠶᠢ ᠬᠥᠭᠡᠭᠡᠴᠡᠯᠳᠦᠬᠦ ᠪᠠᠷ ᠢᠴᠢᠭᠦᠷᠢ ᠭᠤᠲᠤᠮᠰᠢᠭ ᠢᠶᠠᠨ ᠪᠣᠯᠭᠠᠬᠤ︾ ᠨᠡᠶᠢᠭᠡᠮ ᠵᠢᠷᠤᠮ ᠤᠨ ᠢᠷᠠᠭᠤ ᠠᠯᠳᠠᠷ ᠢᠴᠢᠭᠦᠷᠢ ᠭᠤᠲᠤᠮᠰᠢᠭ ᠤᠨ ᠦᠵᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠦᠨᠡᠨᠴᠢ ᠢᠳᠡᠭᠡᠮᠵᠢ ᠪᠠᠷ ᠭᠤᠤᠯ ᠪᠣᠯᠭᠠᠭᠰᠠᠨ ᠥᠷᠲᠡᠭ ᠤᠨ ᠦᠵᠡᠯᠲᠡ ᠶᠢ ᠠᠵᠤ ᠠᠬᠤᠶᠢᠯᠠᠯ ᠤᠨ ᠣᠶᠤᠨ ᠤ ᠪᠣᠯᠪᠠᠰᠤᠨ ᠪᠠ ᠰᠣᠶᠣᠯ ᠤᠨ ᠪᠠᠶᠢᠭᠤᠯᠤᠯᠲᠠ ᠳᠤ ᠣᠷᠣᠭᠤᠯᠵᠤ᠂ ᠦᠨᠡᠨᠴᠢ ᠢᠲᠡᠭᠡᠮᠵᠢᠲᠡᠶ ᠪᠠᠶᠢᠬᠤ ᠡᠵᠡᠩᠨᠡᠯᠲᠡ ᠶᠢᠨ ᠣᠨᠣᠯᠵᠢᠬᠤᠨ ᠢ ᠦᠢᠯᠡᠳᠪᠦᠷᠢᠯᠡᠯ ᠡᠵᠡᠩᠨᠡᠯᠲᠡ ᠶᠢᠨ ᠢᠶᠠᠨ ᠪᠥᠬᠦ ᠶᠠᠪᠤᠴᠠ ᠳᠤ ᠨᠠᠶᠢᠳᠠᠪᠤᠷᠢᠵᠢᠭᠤᠯᠤᠶ᠎ᠠ᠃     ᠭᠤᠷᠪᠠ ᠳᠤ᠂ ᠶᠠᠰᠤ ᠴᠢᠨᠠᠷ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂  ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠬᠤᠯᠠᠴᠢᠯᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠯᠭᠠᠨ ᠭᠡᠷᠡᠴᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠭᠤᠯᠤᠭᠳᠠᠬᠤᠨ ᠢᠶᠠᠷ ᠪᠠᠶᠠᠯᠢᠭ᠂ ᠥᠪᠡᠷᠮᠢᠴᠡ ᠣᠨᠴᠠᠯᠢᠭ ᠲᠠᠢ ᠠᠵᠤ ᠠᠬᠤᠶᠢᠯᠠᠯ ᠤᠨ ᠲᠥᠷᠥᠯ ᠲᠡᠮᠳᠡᠭ ᠪᠠ ᠦᠢᠯᠡᠴᠢᠯᠡᠭᠡᠨ ᠤ ᠲᠦᠷᠦᠯ ᠲᠡᠮᠳᠡᠭ ᠢ ᠪᠣᠶ ᠪᠤᠯᠭᠠᠶ᠎ᠠ᠃    ᠳᠥᠷᠪᠡ ᠳᠤ᠂ ᠬᠤᠳᠠᠯᠳᠤᠭᠠᠨ ᠤ ᠶᠣᠰᠣ ᠮᠣᠷᠠᠯ ᠤᠨ ᠦᠢᠯᠡ ᠠᠵᠢᠯᠯᠠᠭᠠᠨ ᠤ ᠪᠠᠷᠢᠮᠵᠢᠶ᠎ᠠ ᠪᠣᠯᠤᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠤᠨ ᠲᠦᠷᠢᠮᠵᠢᠯ ᠢ ᠲᠤᠭᠳᠠᠭᠠᠨ ᠭᠡᠷᠡᠭᠵᠢᠬᠦᠯᠵᠦ᠂ ᠭᠡᠷ᠎ᠡ ᠪᠠᠨ ᠰᠠᠬᠢᠵᠤ᠂ ᠢᠲᠡᠭᠡᠮᠵᠢ ᠶᠢ  ᠡᠷᠬᠢᠮᠯᠡᠨ᠂ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠲᠦᠷᠢᠮᠵᠢᠬᠦᠯᠵᠦ᠂ ᠥᠪᠡᠷ ᠤᠨ ᠠᠰᠢᠭ ᠲᠤᠰᠠ ᠪᠠᠨ ᠪᠣᠳᠣᠵᠤ ᠦᠷᠦᠭᠡᠯ ᠤᠨ ᠡᠷᠬᠡ ᠠᠰᠢᠭ ᠲᠤ ᠬᠠᠯᠳᠠᠬᠤ᠂ ᠬᠤᠳᠠᠯ ᠬᠡᠯᠡᠵᠦ ᠬᠠᠭᠤᠷᠮᠠᠭᠯᠠᠨ ᠦᠢᠯᠡᠳᠬᠦ᠂ ᠠᠰᠢᠭ ᠤᠯᠵᠠ ᠶᠢᠨ ᠲᠦᠯᠦᠭᠡ ᠶᠤᠰᠤ ᠵᠢᠷᠤᠮ ᠢᠶᠠᠨ ᠮᠠᠷᠲᠠᠬᠤ᠂ ᠬᠤᠳᠠᠯᠳᠤᠭᠠᠨ ᠤ ᠮᠡᠬᠡᠯᠡᠯ ᠬᠢᠵᠦ ᠬᠤᠳᠠᠯᠳᠤᠭᠠᠨ ᠤ ᠬᠡᠭᠡᠯᠢ ᠲᠦᠯᠬᠢᠬᠦ ᠵᠡᠷᠭᠡ ᠶᠣᠰᠣ ᠮᠣᠷᠠᠯ ᠦᠭᠡᠶ ᠠᠵᠢᠯᠯᠠᠭ᠎ᠠ ᠪᠠ ᠬᠠᠤᠯᠢ ᠪᠤᠰᠤ ᠠᠵᠢᠯᠯᠠᠭ᠎ᠠ ᠶᠢ ᠡᠷᠡᠰ ᠴᠡᠭᠡᠷᠯᠡᠶ᠎ᠡ᠃    ᠲᠠᠪᠤ ᠳᠤ᠂ ᠠᠵᠤ ᠠᠬᠤᠶᠢᠯᠠᠯ ᠤᠨ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠷᠠᠭᠤᠯᠤᠨ᠂  ᠠᠵᠢᠯᠳᠠᠳ ᠲᠠᠭᠠᠨ ᠦᠨᠡᠨᠴᠢ ᠢᠲᠡᠭᠡᠮᠵᠢ ᠲᠠᠢ ᠪᠠᠷ ᠡᠵᠡᠩᠨᠡᠬᠦ ᠪᠣᠯᠪᠠᠰᠤᠷᠠᠯ ᠬᠢᠵᠦ  ᠪᠥᠬᠦ ᠠᠵᠢᠯᠲᠠᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠥᠭᠵᠢᠯᠲᠡ ᠶᠢ ᠲᠦᠷᠭᠡᠳᠬᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠠᠭᠠᠶ᠎ᠠ᠃    ᠵᠢᠷᠭᠤᠭ᠎ᠠ ᠳᠤ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠢᠯᠡ ᠪᠠᠶᠢᠯᠭᠠᠬᠤ ᠵᠠᠷᠴᠢᠮ ᠢ ᠵᠢᠷᠤᠮᠯᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ  ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠬᠡᠷᠡᠭᠯᠡᠭᠴᠢᠳ ᠤᠨ ᠬᠠᠮᠲᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠤᠯᠭᠠᠶ᠎ᠠ᠃    ᠨᠠᠮ ᠵᠠᠰᠠᠭ ᠠᠴᠠ ᠦᠨᠡᠨᠴᠢ ᠢᠲᠡᠭᠡᠮᠵᠢᠲᠡᠢ ᠪᠠᠶᠢᠬᠤ ᠶᠢ ᠤᠷᠢᠶᠠᠯᠠᠵᠤ᠂ ᠵᠠᠬ᠎ᠠ ᠳᠡᠯᠭᠡᠭᠦᠷ ᠠᠴᠠ ᠦᠨᠡᠨᠴᠢ ᠢᠲᠡᠭᠡᠮᠵᠢ ᠪᠠᠶᠢᠬᠤ ᠶᠢ ᠰᠠᠨᠠᠭᠠᠴᠢᠯᠠᠵᠤ ᠪᠠᠶᠢᠨ᠎ᠠ᠃ ᠠᠵᠤ ᠠᠬᠤᠶᠢᠯᠠᠯ ᠦᠨᠡᠨᠴᠢ ᠢᠲᠡᠭᠡᠮᠵᠢᠲᠡᠢ ᠪᠠᠶᠢᠪᠠᠯ ᠰᠠᠶ᠋ᠢ ᠠᠷᠠᠯᠵᠢᠶ᠎ᠠ ᠬᠤᠳᠠᠯᠳᠤᠭ᠎ᠠ ᠪᠠᠨ ᠬᠥᠭᠵᠢᠭᠦᠯᠵᠦ ᠴᠢᠳᠠᠨ᠎ᠠ᠃ ᠪᠢᠳᠡ ᠤᠯᠠᠭᠤᠯᠠ ᠪᠠᠨ ᠭᠠᠷ ᠬᠤᠯᠪᠣᠯᠴᠠᠨ ᠴᠢᠷᠮᠠᠶᠢᠵᠤ ᠪᠠᠶᠢᠭᠠᠳ ᠬᠥᠮᠦᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠶᠠᠪᠤᠳᠠᠯ ᠪᠣᠯᠭᠠᠨ ᠳᠤ ᠦᠨᠡᠨᠴᠢ ᠢᠲᠡᠭᠡᠮᠵᠢ ᠲᠠᠢ ᠪᠠᠶᠢᠬᠤ ᠠᠷᠠᠯᠵᠢᠶ᠎ᠠ ᠬᠤᠳᠠᠯᠳᠤᠭᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠤᠯᠭᠠᠰᠤᠭᠠᠢ᠃                                                     ᠲᠠᠶᠢᠹᠤᠰᠧ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ                     ᠣᠯᠠᠨ    ᠨᠡᠶᠢᠳᠡ    ᠶᠢᠨ    ᠦᠢᠯᠡᠴᠢᠯᠡᠭᠡᠨ    ᠤ    ᠲᠥᠪ                                   2024 ᠣᠨ ᠤ 5 ᠰᠠᠷ᠎ᠠ ᠶᠢᠨ 10 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号