ᠭᠦᠨᠪᠤᠯᠠᠭ ᠰᠤᠮᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2024/5/13
  5 ᠰᠠᠷ᠎ᠠ ᠶᠢᠨ 11 ᠤ ᠡᠳᠦᠷ᠂ ᠭᠦᠨᠪᠤᠯᠠᠭ ᠰᠤᠮᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ  ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠤᠷᠬᠢᠯ ᠬᠤᠷᠠᠯ ᠢ ᠡᠷᠬᠢᠯᠡᠨ᠂ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ 2024 ᠣᠨ ᠤ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠤᠳᠤᠷᠢᠳᠬᠤ ᠪᠠᠭ ᠤᠨ ᠭᠡᠰᠢᠬᠦᠳ ᠡᠷᠭᠡᠪᠰᠢ ᠦᠵᠡᠯ ᠰᠠᠨᠠᠭ᠎ᠠ ᠪᠠᠨ ᠨᠢᠭᠡᠳᠭᠡᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠦᠭᠡᠳ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠮᠥᠨ︾  ᠬᠡᠮᠡᠬᠦ ᠴᠢᠬᠤᠯᠠ ᠶᠡᠭᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠢᠶᠠᠨ ᠭᠤᠤᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠨᠠᠩ ᠡᠷᠴᠢ ᠬᠦᠴᠦᠲᠡᠶ ᠠᠷᠭ᠎ᠠ ᠪᠠᠷᠢᠯ ᠢᠶᠠᠷ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾  ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ  ᠠᠵᠢᠯᠯᠠᠭᠠᠨ ᠤ ᠦᠷ᠎ᠡ ᠪᠦᠲᠦᠮᠵᠢ ᠤᠯᠬᠤ ᠶᠢ ᠬᠠᠮᠲᠤ ᠪᠠᠷ ᠠᠬᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠦᠨᠪᠤᠯᠠᠭ ᠰᠤᠮᠤᠨ ᠤ ᠪᠠᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号