ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠪᠠᠭᠠᠰᠬᠠᠵᠤ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ ᠂ | ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠵᠢᠯᠲᠠᠳ ᠢᠶᠠᠨ ᠵᠤᠬᠢᠶᠠᠨ | ᠪᠠᠶᠢᠭᠤᠯᠵᠤ ᠲᠠᠷᠢᠶᠠᠨ ᠭᠠᠵᠠᠷ ᠲᠤ ᠬᠦᠨᠵᠡᠬᠡᠶᠢᠷᠡᠨ᠂ ᠲᠠᠷᠢᠶᠠᠴᠢᠨ ᠡᠷᠦᠬᠡ ᠪᠠ ᠡᠯ᠎ᠡ ᠲᠥᠷᠥᠯ ᠤᠨ | ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠤᠬᠠᠭᠤᠯᠤᠨ ᠵᠢᠯᠣᠭᠤᠳᠴᠤ ᠂ ᠲᠠᠷᠢᠶᠠᠨ ᠭᠠᠵᠠᠷ ᠤᠨ | ᠦᠯᠡᠳᠡᠭᠳᠡᠯ ᠪᠦᠷᠬᠦᠪᠴᠢ ᠶᠢ ᠬᠤᠷᠢᠶᠠᠯᠭᠠᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ | ᠠᠬᠢᠭᠤᠯᠵᠤ ᠪᠤᠢ᠃ | ᠰᠤᠷᠪᠤᠯᠵᠢᠯᠠᠭᠴᠢ ᠲᠠᠷᠢᠶᠠᠨ ᠭᠠᠵᠠᠷ ᠲᠤ ᠬᠦᠷᠬᠦ ᠳᠤ ᠲᠠᠷᠢᠶᠠᠴᠢᠳ ᠶᠠᠭ ᠭᠠᠵᠠᠷ ᠲᠡᠭᠰᠢᠯᠡᠬᠦ᠂ ᠪᠤᠷᠳᠤᠭᠤᠷ | ᠣᠷᠣᠭᠤᠯᠬᠤ᠂ ᠳᠠᠯᠠᠩ ᠪᠤᠰᠬᠠᠬᠤ᠂ ᠪᠦᠷᠬᠦᠪᠴᠢ ᠲᠡᠪᠢᠰᠬᠦ ᠠᠵᠢᠯ ᠳᠠᠭᠠᠨ ᠶᠠᠭᠠᠷᠠᠯᠳᠤᠵᠤ᠂ ᠰᠢᠨᠡᠬᠡᠨ ᠲᠡᠪᠢᠰᠦᠭᠰᠡᠨ | ᠰᠦᠯᠢᠶᠣᠣ ᠪᠦᠷᠬᠦᠪᠴᠢ ᠨᠢ ᠨᠡᠷᠡᠨ ᠤ ᠭᠡᠷᠡᠯ ᠳᠤ ᠨᠢᠳᠤ ᠬᠢᠯᠠᠰᠤᠭᠤᠯᠤᠭᠠᠳ ᠡᠬᠡ ᠭᠠᠵᠠᠷ ᠲᠤ ᠮᠦᠩᠬᠦᠨ ᠬᠤᠶᠠᠭ | ᠨᠦᠮᠦᠷᠭᠡᠭᠰᠡᠨ ᠦᠬᠡᠷ᠎ᠡ ᠦᠬᠡᠢ ᠬᠠᠷᠠᠭᠳᠠᠨ᠎ᠠ᠃ | ᠣᠶᠢᠷ᠎ᠠ ᠶᠢᠨ ᠵᠢᠯ ᠳᠤ᠂ ᠰᠦᠯᠢᠶᠣᠣ ᠪᠦᠷᠬᠦᠪᠴᠢ ᠶᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠶᠢ | ᠲᠠᠭᠠᠯᠳᠤᠭᠠᠳ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠠᠴᠠ ᠪᠣᠯᠤᠭᠰᠠᠨ ︽ᠴᠠᠭᠠᠨ ᠤ ᠪᠣᠬᠢᠷᠲᠤᠯ︾ ᠨᠢ | ᠲᠠᠷᠢᠶᠠᠯᠠᠩ ᠤᠨ ᠪᠣᠬᠢᠷᠲᠤᠯ ᠥᠬᠡᠶ ᠦᠷᠬᠦᠯᠵᠢᠯᠡᠭᠰᠡᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠪᠣᠯᠤᠭᠰᠠᠨ ᠪᠠᠶᠢᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ | ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠴᠤ ᠠᠰᠢᠭᠯᠠᠬᠤ ᠬᠢᠷᠢ ᠲᠦᠪᠰᠢᠨ ᠢ | ᠲᠡᠭᠡᠭᠰᠢᠯᠡᠬᠦᠯᠵᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ | ᠲᠠᠷᠢᠶᠠᠯᠠᠩ ᠤᠨ ᠪᠣᠬᠢᠷᠲᠤᠯ ᠥᠬᠡᠶ ᠡᠷᠬᠢᠯᠳᠡᠳᠦ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ | ᠲᠠᠶᠢᠹᠤᠰᠧ ᠬᠤᠰᠢᠭᠤᠨ ᠤ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽2023-2024 | ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠰᠢᠭᠯᠠᠬᠤ ᠲᠤᠷᠰᠢᠯᠲᠠ ᠶᠢᠨ | ᠠᠵᠢᠯ ᠤᠨ ᠬᠡᠷᠡᠭᠵᠢᠭᠦᠯᠬᠦ ᠲᠦᠰᠦᠪ︾ ᠢ ᠲᠤᠭᠳᠠᠭᠠᠨ᠂ ᠡᠬᠦᠷᠭᠡ ᠬᠠᠷᠠᠯᠲᠠ᠂ ᠬᠡᠷᠡᠭᠵᠢᠭᠦᠯᠬᠦ ᠠᠭᠤᠯᠭ᠎ᠠ᠂ | ᠮᠡᠷᠭᠡᠵᠢᠯ ᠤᠨ ᠱᠠᠭᠠᠷᠳᠠᠯᠭ᠎ᠠ ᠪᠠ ᠪᠠᠳᠤᠯᠠᠭᠠᠨ ᠤ ᠠᠷᠭ᠎ᠠ ᠬᠡᠮᠵᠢᠶ᠎ᠡ ᠵᠡᠷᠭᠡ ᠳᠤ ᠪᠣᠳᠠᠲᠠᠶ ᠪᠠᠶᠢᠷᠢᠯᠠᠭᠤᠯᠤᠯᠲᠠ ᠬᠢᠭᠰᠡᠨ | ᠪᠥᠭᠡᠳ ᠠᠳᠠᠯᠢ ᠪᠤᠰᠤ ᠭᠠᠵᠠᠷ ᠣᠷᠣᠨ ᠤ ᠰᠦᠯᠢᠶᠣᠣ ᠪᠦᠷᠬᠦᠪᠴᠢ ᠭᠡᠷᠡᠭᠯᠡᠬᠦ ᠲᠠᠯᠠᠪᠠᠢ᠂ ᠲᠠᠷᠢᠮᠠᠯ ᠤᠨ ᠲᠦᠷᠦᠯ | ᠵᠡᠷᠭᠡ ᠶᠢ ᠦᠨᠳᠦᠰᠦᠯᠡᠨ ᠠᠵᠢᠯ ᠡᠬᠦᠷᠭᠡ ᠶᠢ ᠬᠤᠪᠢᠶᠠᠷᠢᠯᠠᠵᠤ᠂ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠬᠦ | ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠭᠰᠠᠨ ᠪᠠᠶᠢᠨ᠎ᠠ᠃ | ᠲᠠᠷᠢᠶᠠᠴᠢᠨ ᡂᠢ ᠮᠢᠩ᠄ ︽ᠮᠠᠨᠠᠶᠢᠬᠢᠨ ᠠᠮᠢᠳᠤ ᠪᠣᠳᠠᠰ ᠤᠨ ᠵᠠᠳᠠᠷᠠᠬᠤ ᠪᠥᠷᠬᠦᠪᠴᠢ ᠶᠢ ᠭᠡᠷᠡᠭᠯᠡᠵᠦ ᠪᠠᠶᠢᠨ᠎ᠠ᠂ | ᠲᠡᠭᠦᠨ ᠤ ᠳᠠᠪᠠᠭᠤᠯᠢᠭ ᠲᠠᠯ᠎ᠠ ᠭᠡᠪᠡᠯ ᠳᠤᠯᠠᠭᠠᠨ ᠤ ᠬᠡᠮᠵᠢᠶ᠎ᠡ ᠨᠢ ᠲᠦᠷᠭᠡᠨ ᠳᠡᠭᠡᠭᠰᠢᠯᠡᠵᠦ᠂ ᠤᠨᠠᠯᠳᠠ ᠭᠠᠷᠤᠯᠲᠠ ᠶᠢ | ᠨᠡᠮᠡᠭᠳᠡᠬᠦᠯᠦᠨ᠎ᠡ᠂ ᠢᠯᠠᠩᠭᠤᠶ᠎ᠠ ᠨᠠᠮᠤᠷ ᠤᠨ ᠬᠤᠷᠢᠶᠠᠯᠲᠠ ᠶᠢᠨ ᠦᠶ᠎ᠡ ᠳᠤ ᠡᠶᠢᠮᠦ ᠰᠦᠯᠢᠶᠤᠤ ᠪᠦᠷᠬᠦᠪᠴᠢ ᠨᠢ | ᠦᠪᠡᠷᠳᠡᠭᠡᠨ ᠵᠠᠳᠠᠷᠠᠵᠤ ᠪᠠᠭᠠᠰᠳᠠᠭ᠂ ᠡᠨᠡ ᠨᠢ ᠬᠦᠴᠦ ᠬᠦᠳᠡᠯᠮᠦᠷᠢ ᠳᠤ ᠶᠡᠭᠡ ᠠᠷᠪᠢᠳᠠᠢ᠃ ᠥᠩᠭᠡᠷᠡᠭᠰᠡᠨ ᠤ | ᠭᠡᠷᠡᠭᠯᠡᠵᠦ ᠪᠠᠶᠢᠭᠰᠠᠨ ᠰᠦᠯᠢᠶᠤᠤ ᠪᠥᠷᠬᠦᠪᠴᠢ ᠨᠢ ᠲᠠᠷᠢᠭᠰᠠᠨ ᠲᠥᠮᠥᠰᠥ ᠶᠢ ᠭᠡᠳᠦᠷᠬᠡᠢ ᠰᠢᠬᠠᠵᠤ ᠲᠠᠷᠤᠳᠠᠭ ᠠᠴᠠ | ᠪᠤᠯᠤᠭᠠᠳ ᠤᠷᠭᠤᠯᠳᠠ ᠳᠤ ᠲᠤᠩ ᠮᠠᠭᠤ ᠪᠠᠶᠢᠵᠠᠢ︾ ᠃ | ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠢ ᠠᠬᠤᠶ ᠶᠢᠨ ᠰᠠᠯᠠᠭᠠᠨ ᠤ | ᠳᠠᠷᠤᠭ᠎ᠠ ᠺᠦᠩ ᠹᠦ᠋ ᠴᠢᠶᠠᠩ᠄ ︽ᠮᠠᠨ ᠤ ᠬᠤᠰᠢᠭᠤᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ | ᠬᠤᠷᠢᠶᠠᠵᠤ ᠠᠰᠢᠭᠯᠠᠬᠤ ᠲᠤᠷᠰᠢᠯᠲᠠ ᠶᠢᠨ ᠲᠠᠯᠠᠪᠠᠶ ᠨᠢ 4 ᠲᠦᠮᠡᠨ ᠮᠥ᠂ 2.5 ᠲᠦᠮᠡᠨ ᠮᠥ ᠳᠤᠨᠢ ᠠᠮᠢᠳᠤ | ᠪᠣᠳᠠᠰ ᠤᠨ ᠵᠠᠳᠠᠷᠠᠬᠤ ᠪᠦᠷᠬᠦᠪᠴᠢ ᠶᠢ ᠭᠡᠷᠡᠭᠯᠡᠵᠦ᠂ 1.5 ᠲᠦᠮᠡᠨ ᠮᠥ ᠳᠤᠨᠢ ᠵᠤᠵᠠᠭᠠᠨ ᠰᠦᠯᠢᠶᠣᠣ ᠪᠦᠷᠬᠦᠪᠴᠢ | ᠭᠡᠷᠡᠭᠯᠡᠵᠦ ᠪᠤᠢ᠂ ᠲᠤᠰ ᠲᠦᠷᠦᠯ ᠵᠦᠢᠯ ᠢ ᠨᠢᠭᠡᠨᠲᠡ ᠭᠤᠷᠪᠠᠨ ᠵᠢᠯ ᠭᠡᠷᠡᠭᠵᠢᠬᠦᠯᠵᠡᠢ᠂ ᠪᠠᠶᠢᠭᠠᠯᠢ ᠣᠷᠴᠢᠨ ᠤ | ᠬᠠᠮᠠᠭᠠᠯᠠᠯᠲᠠ ᠳᠤ ᠮᠠᠰᠢ ᠰᠠᠶᠢᠨ᠂ ᠠᠷᠠᠳ ᠤᠯᠠᠨ ᠴᠤ ᠪᠦᠷ ᠮᠡᠳᠡᠷᠡᠵᠦ ᠪᠠᠶᠢᠭ᠎ᠠ︾ ᠃ | ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠵᠢᠯᠤᠭᠤᠳᠤᠯᠭ᠎ᠠ ᠦᠢᠯᠡᠴᠢᠯᠡᠭᠡ ᠪᠠᠨ | ᠦᠷᠭᠦᠯᠵᠢᠯᠡᠨ ᠴᠢᠩᠭᠠᠳᠬᠠᠵᠤ᠂ ᠳᠡᠮᠵᠢᠯᠭᠡ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠠᠵᠢᠯᠯᠠᠭᠠᠨ ᠤ | ᠲᠣᠭᠲᠠᠴᠠ ᠪᠠᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ | ᠰᠠᠶᠢᠵᠢᠷᠠᠭᠤᠯᠳᠠ ᠪᠠ ᠠᠮᠢ ᠠᠬᠤᠶ ᠣᠷᠴᠢᠨ ᠲᠣᠭᠤᠷᠢᠨ ᠤ ᠰᠠᠶᠢᠵᠢᠷᠠᠯᠳᠠ ᠶᠢ ᠴᠢᠨᠠᠭᠰᠢᠳᠠ ᠠᠬᠢᠭᠤᠯᠤᠨ᠂ | ᠲᠠᠷᠢᠶᠠᠯᠠᠩ ᠤᠨ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ |