ᠲᠠᠶᠢᠹᠤᠰᠧ ᠬᠤᠰᠢᠭᠤ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢ ︽ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
  5 ᠰᠠᠷ᠎ᠠ ᠶᠢᠨ 13 ᠤ ᠡᠳᠦᠷ᠂  ᠲᠠᠶᠢᠹᠤᠰᠧ ᠬᠤᠰᠢᠭᠤᠨ ᠤ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠬᠡᠷ ᠨᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠶ᠎ᠠ — ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠬᠦ︾ ᠭᠤᠤᠯ ᠰᠡᠳᠦᠪ ᠲᠠᠢ ᠤᠶᠠᠯᠳᠤᠭᠤᠯᠤᠨ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠴᠠᠭ ᠠᠭᠤᠷ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠵᠤ ︽ᠲᠠᠯ᠎ᠠ ᠨᠤᠲᠤᠭ︾ ᠠᠷᠢᠬᠢ ᠨᠡᠷᠡᠬᠦ ᠬᠢᠵᠠᠭᠠᠷᠲᠤ ᠺᠣᠮᠫᠠᠨᠢ ᠳᠤ ᠬᠦᠨᠵᠡᠬᠡᠶᠢᠷᠡᠨ ᠠᠮᠤᠷ ᠲᠦᠪᠰᠢᠨ ᠤ ᠬᠥᠮᠦᠵᠢᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠠᠶᠤᠯ ᠠᠴᠠ ᠵᠠᠶᠢᠯᠠᠬᠤ ᠮᠡᠳᠡᠯᠭᠡ ᠶᠢ ᠤᠬᠠᠭᠤᠯᠤᠨ ᠲᠦᠬᠡᠮᠡᠯᠵᠢᠬᠦᠯᠵᠡᠢ᠃  ᠠᠵᠢᠯᠯᠠᠭᠠᠨ ᠤ ᠳᠤᠮᠳᠠ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠪᠣᠯᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠵᠤ ᠠᠬᠤᠶᠢᠯᠠᠯ ᠤᠨ ᠠᠵᠢᠯᠳᠠᠳ  ᠲᠤ ᠭᠠᠵᠠᠷ ᠬᠥᠳᠡᠯᠦᠯᠲᠡ ᠪᠠ ᠭᠠᠯ ᠤᠨ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠭᠠᠯ ᠤᠨᠲᠠᠷᠠᠭᠠᠬᠤ ᠵᠡᠷᠭᠡ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶ᠎ᠠ ᠪᠥᠬᠦᠶ ᠶᠡᠷᠦ ᠶᠢᠨ ᠮᠡᠳᠡᠯᠭᠡ ᠶᠢ ᠲᠠᠶᠢᠯᠪᠤᠷᠢᠯᠠᠭᠰᠠᠨ ᠪᠥᠭᠡᠳ ᠳᠡᠷᠭᠡᠳᠡᠬᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠳᠤᠷᠠᠳᠴᠤ᠂ ᠠᠵᠤ ᠠᠬᠤᠶᠢᠯᠠᠯ ᠤᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠬᠤ ᠠᠩᠭᠢ ᠶᠢᠨ ᠬᠢᠨ ᠪᠠᠰᠠ ᠠᠵᠢᠯᠳᠠᠳ ᠲᠤ  ᠪᠠᠴᠢᠮ ᠪᠠᠶᠢᠳᠠᠯ ᠢ ᠠᠷᠭᠠᠴᠠᠬᠤ ᠮᠠᠰᠢᠨ ᠲᠦᠬᠦᠭᠡᠷᠦᠮᠵᠢ ᠶᠢ ᠬᠡᠷᠡᠭᠯᠡᠬᠦ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠭᠰᠠᠨ ᠪᠥᠭᠡᠳ ᠲᠠᠭᠠᠭᠤᠯᠤᠨ ᠬᠢᠵᠦ ᠦᠵᠡᠭᠦᠯᠵᠡᠶ᠃  ᠡᠨᠡ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠠᠵᠢᠯᠳᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠬᠢᠷᠢ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号