ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/5/16
   5 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤ᠋ ᡁᠢ ᠱᠧᠩ ᠤᠨ ᠲᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠬᠠᠪᠰᠤᠷᠤᠨ ᠲᠡᠳᠬᠦᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ  ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠤᠶᠠᠷ ᠡᠳᠦᠷ ᠤᠨ ᠲᠤᠷᠰᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠤᠤᠴᠠᠩ ᠪᠠᠯᠭᠠᠰᠤᠨ ᠤ ᠡᠤ ᠹᠦ᠋ ᠲᠣᠰᠬᠤᠨ᠂ ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠭᠦᠨᠪᠤᠯᠠᠭ ᠰᠤᠮᠤᠨ ᠤ ᠪᠤᠮᠪᠠᠨ ᠭᠠᠴᠠᠭ᠎ᠠ ᠵᠢᠴᠢ ᠲᠠᠶᠢᠹᠤᠰᠧ ᠬᠤᠰᠢᠭᠤᠨ ᠤ ᠲᠠᠯ᠎ᠠ ᠨᠤᠲᠤᠭ ᠠᠷᠢᠬᠢᠨ ᠦᠢᠯᠡᠳᠪᠦᠷᠢ᠂ ᠺᠠᠶ ᠳ᠋ᠠ ᠲᠥᠮᠥᠰᠥ ᠪᠣᠯᠪᠠᠰᠤᠷᠠᠭᠤᠯᠬᠤ  ᠦᠢᠯᠡᠳᠪᠦᠷᠢ᠂ ᠲᠠᠩ ᠾᠧ ᠰᠢᠨᠵᠢᠯᠡᠭᠡ ᠮᠡᠷᠭᠡᠵᠢᠯ ᠤᠨ ᠺᠣᠮᠫᠠᠨᠢ᠂ ᠬᠤᠩ ᠵᠢᠩ ᠶᠤᠸᠠᠨ ᠲᠤᠰᠤᠨ ᠤ ᠺᠣᠮᠫᠠᠨᠢ᠂ ᠳᠤ ᠬᠦᠷᠴᠦ᠂ ᠠᠵᠤ ᠦᠢᠯᠡᠰ ᠤᠨ ᠬᠥᠭᠵᠢᠯᠲᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠠᠶᠢᠭᠤᠯᠤᠯᠲᠠ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡᠨ ᠤ   ᠪᠠᠶᠢᠭᠤᠯᠤᠯᠲᠠ ᠵᠡᠷᠭᠡ ᠶᠢᠨ ᠪᠣᠳᠠᠲᠠᠶ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ 13 ᠤ ᠡᠳᠦᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠨᠢ ᠪᠤᠤᠴᠠᠩ ᠪᠠᠯᠭᠠᠰᠤᠨ ᠤ ᠦ᠋ ᠹᠦ᠋ ᠲᠣᠰᠬᠤᠨ ᠤ ᠨᠠᠮ ᠤᠨ ᠡᠭᠦᠷ ᠲᠠᠢ ︽ᠨᠠᠮ ᠤᠨ ᠡᠬᠦᠷ ᠢ ᠬᠠᠮᠲᠤ ᠪᠠᠷ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠬᠤ᠋ ᡁᠢ ᠱᠧᠩ ᠶᠠᠷᠢᠶᠠᠨ ᠳᠠᠭᠠᠨ᠂ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠲᠠᠶᠢᠹᠤᠰᠧ ᠬᠤᠰᠢᠭᠤᠨ ᠳᠤ ᠲᠤᠰᠢᠶᠠᠯ ᠬᠠᠪᠰᠤᠷᠭᠠᠨ ᠡᠬᠦᠷᠭᠡᠯᠡᠵᠦ ᠺᠠᠳ᠋ᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠪᠰᠤᠷᠤᠨ ᠲᠡᠳᠬᠦᠬᠦ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠨ᠎ᠠ ᠭᠡᠵᠦ ᠢᠯᠡᠷᠭᠡᠶᠢᠯᠡᠵᠡᠢ᠃  ᠠᠵᠢᠯᠯᠠᠭᠠᠨ ᠤ ᠲᠤᠮᠳᠠ᠂ ᠦ᠋ ᠹᠦ᠋ ᠲᠣᠰᠬᠤᠨ ᠨᠢ ᠢ ᠸᠧᠨ ᠪᠦᠯᠦᠭᠯᠡᠯ᠂ ᠲᠢᠶᠠᠨ ᠨᠧᠩ  ᠪᠦᠯᠦᠭᠯᠡᠯ᠂ ᠰᠢᠨ ᠴᠠᠩ ᠵᠢᠶᠠᠩ ᠪᠦᠯᠦᠭᠯᠡᠯ ᠵᠡᠷᠭᠡ ᠲᠤᠮᠤ ᠠᠵᠤ ᠠᠬᠤᠶᠢᠯᠠᠯ ᠲᠠᠢ ᠬᠡᠷ ᠪᠦᠯᠢ ᠶᠢᠨ ᠭᠠᠷ ᠦᠢᠯᠡᠳᠬᠡᠯ ᠤᠨ ᠭᠠᠵᠠᠷ ᠪᠠᠶᠢᠭᠤᠯᠬᠤ᠂ ᠲᠣᠰᠬᠤᠨ ᠱᠠᠳᠤᠨ ᠤ ᠬᠡᠷᠡᠯ ᠴᠡᠨᠡᠭ ᠤᠨ ᠴᠠᠬᠢᠯᠭᠠᠨ ᠥᠷᠲᠡᠭᠡ ᠪᠠᠶᠢᠭᠤᠯᠬᠤ᠂ ᠲᠥᠮᠥᠰᠥ ᠬᠠᠳᠠᠭᠠᠯᠠᠬᠤ ᠵᠣᠭᠤᠷᠢ ᠪᠠᠶᠢᠭᠤᠯᠬᠤ ᠬᠡᠯᠡᠯᠴᠡᠭᠡᠷ ᠢ ᠲᠤᠭᠳᠠᠭᠰᠠᠨ ᠪᠠᠶᠢᠨ᠎ᠠ᠃ ᠰᠦᠨ ᠶᠠᠨ᠂ ᠯᠢᠦ ᠶᠠ ᠱᠧᠩ ᠵᠢᠴᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ  ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠤᠳᠤᠷᠢᠳᠤᠯᠭ᠎ᠠ᠂  ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂  ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠠᠶᠢᠹᠦᠰᠧ ᠬᠤᠰᠢᠭᠤᠨ ᠳᠤ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷᠴᠤᠳ ᠠᠵᠢᠯᠯᠠᠭ᠎ᠠ ᠳᠤ ᠣᠷᠣᠯᠴᠠᠪᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号