ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/5/16
  5 ᠰᠠᠷ᠎ᠠ ᠶᠢᠨ 13 ᠤ ᠡᠳᠦᠷ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠲᠠᠷᠤᠭ᠎ᠠ ᠪᠦᠦ ᠸᠧᠨ ᠰᠢᠶᠠ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠳᠠ  ᠬᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠲᠠᠢ ᠬᠡᠲᠦ ᠬᠠᠲᠠᠭᠤ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠲᠥᠪ ᠢ ᠪᠠᠶᠢᠭᠤᠯᠬᠤ ᠲᠤᠬᠠᠶ ᠶᠠᠷᠢᠯᠴᠠᠨ ᠵᠦᠪᠳᠡᠵᠡᠢ᠃ ᠬᠤᠷᠠᠯ ᠳᠡᠭᠡᠷ᠎ᠡ᠂ ᠪᠦᠦ ᠸᠧᠨ ᠰᠢᠶᠠ ᠲᠠᠶᠢᠹᠤᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠠᠮᠢᠶ᠎ᠠ ᠪᠦᠬᠦᠢ ᠪᠠᠶᠢᠳᠠᠯ ᠢ ᠰᠤᠨᠤᠰᠤᠭᠰᠠᠨ ᠤ ᠲᠠᠷᠠᠭ᠎ᠠ᠂ ᠲᠠᠶᠢᠹᠤᠰᠧ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠣᠭᠤᠷᠢᠨ ᠳᠤ ᠬᠠᠷᠠᠯᠲᠠ ᠪᠠᠨ ᠣᠨᠣᠪᠴᠢᠲᠠᠶ ᠣᠯᠵᠤ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠬᠦᠳᠦᠨ᠂ ᠪᠥᠬᠦ ᠬᠡᠯᠬᠢᠶ᠎ᠡ ᠪᠠᠷ ᠲᠥᠯᠥᠪᠵᠢᠭᠦᠯᠦᠨ ᠪᠠᠶᠢᠷᠢᠰᠢᠭᠤᠯᠵᠤ᠂  ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠵᠦ ᠪᠠᠶᠢᠭᠠᠳ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠦᠷᠢᠰᠦᠯᠳᠦᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠥᠬᠦ ᠣᠷᠣᠨ ᠤ ᠬᠡᠲᠦ ᠬᠠᠲᠠᠭᠤ ᠮᠠᠲ᠋ᠧᠷᠢᠶᠠᠯ ᠤᠨ ᠠᠵᠢᠯ ᠲᠥᠷᠥᠯ ᠤᠨ ᠴᠢᠨᠠᠷᠯᠢᠭ ᠲᠦᠷᠭᠡᠨ ᠬᠥᠭᠵᠢᠯᠲᠡ ᠪᠠᠷ ᠶᠡᠷᠦᠩᠬᠡᠢ ᠬᠠᠷᠠᠯᠲᠠ ᠪᠣᠯᠭᠠᠨ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠬᠦᠷᠢᠶᠡᠯᠡᠩ ᠵᠡᠷᠭᠡ ᠲᠠᠢ ᠬᠤᠯᠪᠣᠭᠠᠯᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂  ᠰᠢᠨᠵᠢᠯᠡᠭᠡ ᠮᠡᠷᠭᠡᠵᠢᠯ ᠤᠨ ᠪᠡᠷᠬᠡ ᠠᠰᠠᠭᠤᠳᠠᠯ ᠢ ᠰᠢᠢᠳᠪᠦᠷᠢᠯᠡᠨ᠂ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠵᠤ᠂ ︽ᠠᠯᠮᠠᠰ ᠴᠢᠯᠠᠭᠤᠨ ᠤ ᠵᠢᠵᠢᠭ ᠪᠠᠯᠭᠠᠰᠤ︾ ᠶᠢ ᠪᠠᠶᠢᠭᠤᠯᠬᠤ ᠳᠤ ᠬᠦᠴᠦᠨ ᠴᠢᠳᠠᠯ ᠬᠤᠷᠠᠮᠳᠤᠭᠤᠯᠬᠤ ᠬᠡᠷᠡᠭᠲᠡᠢ ᠭᠡᠵᠦ ᠱᠠᠭᠠᠷᠳᠠᠪᠠ᠃ ᠴᠧᠨ ᠶᠠᠨ ᠪᠦᠦ ᠢᠯᠡᠷᠬᠡᠶᠢᠯᠡᠬᠦ ᠳᠡᠭᠡᠨ᠂ ᠲᠠᠶᠢᠹᠤᠰᠧ ᠬᠤᠰᠢᠭᠤᠨ ᠤ ᠬᠢᠨ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠷᠭ᠎ᠠ ᠲᠦᠰᠦᠪ ᠢ ᠲᠣᠭᠲᠠᠭᠠᠨ᠂ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ ᠶᠢ ᠪᠠᠶᠢᠭᠤᠯᠵᠤ᠂ ︽ᠴᠠᠭ ᠤᠨ ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾ ᠢ ᠲᠣᠳᠣᠷᠬᠠᠶᠢᠯᠠᠨ᠂  ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠪᠴᠢᠯᠡᠨ ᠠᠬᠢᠭᠤᠯᠤᠨ᠎ᠠ ᠬᠡᠵᠡᠢ᠃ ᠮᠠ ᠵᠥᠩ ᠰᠢᠶᠦ᠋ᠨ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号