ᠲᠠᠶᠢᠹᠤᠰᠧ ᠬᠤᠰᠢᠭᠤ  ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠨ ᠡᠬᠢᠯᠡᠬᠦᠯᠪᠡ
ᠨᠡᠶᠢᠲᠡᠯᠡᠭᠰᠡᠨ ᠴᠠᠭ᠄
2024/5/16
  5 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ  ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠠᠭᠠᠲᠤᠷ ᠵᠢᠴᠢ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠬᠡᠰᠡᠭ ᠰᠤᠷᠤᠭᠴᠢᠳ ᠤᠨ ᠲᠥᠯᠥᠭᠡᠯᠡᠭᠴᠢ  ᠵᠡᠷᠭᠡ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠶᠣᠰᠣᠯᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪ ᠪᠦᠬᠦᠢ ᠤᠷᠠᠨ ᠰᠠᠶᠢᠬᠠᠨ ᠤ ᠲᠣᠭᠯᠠᠯᠲᠠ ᠭᠠᠷᠭᠠᠨ᠂ ᠤᠷᠠᠨ ᠪᠦᠵᠢᠭ ᠤᠶᠠᠩᠭᠠᠳᠤ ᠳᠠᠭᠤᠤ ᠪᠠᠷ ᠢᠶᠠᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠳᠤᠪᠠᠷ  ᠪᠦᠯᠬᠦᠮᠳᠡᠨ ᠲᠠᠪᠰᠢᠬᠤ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠡᠷᠡᠰ ᠪᠠᠲᠤ ᠢᠲᠡᠭᠡᠯ ᠵᠣᠷᠢᠭ ᠢ ᠢᠯᠡᠳᠭᠡᠭᠰᠡᠨ ᠪᠠᠶᠢᠨ᠎ᠠ᠃ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠠᠬᠤᠢ ᠲᠠᠯᠠᠪᠠᠢ ᠳᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠬᠠᠤᠯᠢ ᠶᠢᠨ ᠵᠥᠪᠯᠡᠯᠭᠡ ᠥᠭᠬᠦ᠂  ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠨᠠᠮ ᠤᠨ ᠦᠨᠳᠦᠰᠦᠳᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ  ᠤᠬᠠᠭᠤᠯᠤᠨ ᠲᠦᠬᠡᠮᠡᠯᠵᠢᠬᠦᠯᠦᠭᠰᠡᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠵᠢᠴᠢ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠤᠯᠯᠠᠨ ᠡᠷᠬᠢᠯᠡᠵᠡᠢ᠃ ᠤᠬᠠᠭᠤᠯᠭ᠎ᠠ ᠶᠢᠨ ᠰᠠᠷ᠎ᠠ ᠪᠠ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠤᠯᠠᠨ ᠵᠦᠢᠯ ᠤᠨ ᠠᠷᠭ᠎ᠠ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ  ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠠᠭᠤᠯᠭ᠎ᠠ ᠶᠢ ᠪᠥᠬᠦ ᠲᠠᠯ᠎ᠠ ᠪᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠤᠯ ᠰᠢᠵᠢᠮ ᠤᠨ ᠱᠠᠭᠠᠷᠳᠠᠯᠭ᠎ᠠ ᠶᠢ  ᠪᠣᠳᠠᠲᠠᠶ ᠳᠤ ᠨᠠᠶᠢᠳᠠᠪᠤᠷᠢᠵᠢᠭᠤᠯᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号