ᠲᠠᠶᠢᠹᠤᠰᠧ ᠬᠤᠰᠢᠭᠤᠨ ᠤ ᠬᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠵᠠᠯᠬᠠᠭᠠᠬᠤ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/5/16
  5 ᠰᠠᠷ᠎ᠠ ᠶᠢᠨ 15 ᠤ ᠡᠳᠦᠷ ᠪᠣᠯ ᠠᠷᠪᠠᠨ ᠲᠠᠪᠤᠳᠠᠬᠢ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠬᠤ ᠤᠬᠠᠭᠤᠯᠭ᠎ᠠ ᠶᠢᠨ ᠡᠳᠦᠷ ᠪᠣᠯᠤᠨ᠎ᠠ᠃ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠶᠡᠭᠡ ᠠᠩᠭᠢ ᠨᠢ ᠡᠯ᠎ᠡ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠬᠤᠯᠪᠤᠭᠠᠯᠠᠨ ︽ᠠᠷᠠᠳ ᠤᠯᠠᠨ ᠲᠠᠢ ᠬᠠᠮᠳᠤᠷᠠᠨ ᠨᠢᠭᠡᠳᠴᠦ᠂ ᠠᠰᠢᠭ ᠲᠤᠰᠠ ᠶᠢ ᠨᠢ ᠰᠠᠬᠢᠨ ᠬᠠᠮᠠᠭᠠᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠤᠨ ᠴᠠᠭᠳᠠᠭ᠎ᠠ ᠨᠠᠷ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠤᠭᠰᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠭᠤ ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ ᠠᠬᠤᠶ ᠶᠢᠨ ᠶᠠᠯᠠᠲᠤ ᠠᠵᠢᠯᠯᠠᠭ᠎ᠠ ᠵᠢᠴᠢ ᠬᠠᠭᠤᠷᠮᠠᠭ ᠵᠣᠭᠤᠰ᠂ ᠪᠠᠩᠬᠢ ᠶᠢᠨ ᠺᠠᠷᠲ ᠵᠡᠷᠭᠡ ᠨᠡᠶᠢᠭᠡᠮ ᠨᠡᠶᠢᠲᠡ ᠶᠢᠨ ᠠᠩᠬᠠᠷᠤᠯ ᠢ ᠲᠠᠳᠠᠭᠰᠠᠨ᠂ ᠨᠥᠯᠥᠭᠡᠯᠡᠬᠦ ᠬᠦᠴᠦᠨ ᠢᠶᠠᠷ ᠶᠡᠭᠡ ᠶᠠᠯᠠᠲᠤ ᠠᠵᠢᠯᠯᠠᠭ᠎ᠠ ᠶᠢᠨ ᠲᠣᠭᠤᠷᠢᠨ ᠳᠤ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢ ᠢᠳᠡᠪᠬᠢᠲᠡᠶ ᠦᠷᠨᠢᠬᠦᠯᠦᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠶᠠᠯᠠᠲᠤ ᠠᠵᠢᠯᠯᠠᠭ᠎ᠠ ᠶᠢ ᠵᠠᠯᠬᠠᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠳᠤ ᠦᠢᠯᠡᠴᠢᠯᠡᠬᠦ ᠠᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ   ᠰᠡᠷᠭᠡᠶᠢᠯᠡᠨ ᠵᠠᠯᠬᠠᠭᠠᠬᠤ ᠠᠵᠢᠯ ᠳᠤ ᠬᠠᠮᠲᠤ ᠪᠠᠷ ᠣᠷᠣᠯᠴᠠᠬᠤ ᠶᠢ ᠠᠬᠢᠭᠤᠯᠵᠠᠢ᠃ ᠡᠶᠢᠨ ᠬᠦ᠋ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 100 ᠭᠠᠷᠤᠶ ᠬᠦᠮᠦᠨ ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ ᠦᠭᠬᠦᠭᠡᠳ᠂ ᠣᠯᠠᠨ ᠲᠦᠮᠡᠨ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠢᠯᠭᠠᠨ ᠲᠠᠨᠢᠬᠤ ᠪᠠ ᠰᠡᠷᠡᠮᠵᠢᠯᠡᠨ ᠰᠡᠷᠭᠡᠶᠢᠯᠡᠬᠦ ᠬᠢᠷᠢ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠢᠲᠡᠭᠡᠯ ᠵᠤᠷᠢᠭ ᠢ ᠢᠯᠡᠷᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号