ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢ ᠤᠯᠠᠮ ︽ᠪᠤᠬᠢᠷᠳᠤᠯ ᠦᠬᠡᠢ︾ ᠶᠠᠪᠤᠭᠳᠠᠭᠤᠯᠤᠨ᠎ᠠ
ᠨᠡᠶᠢᠲᠡᠯᠡᠭᠰᠡᠨ ᠴᠠᠭ᠄
2024/5/16
   ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠪᠠᠭᠠᠰᠬᠠᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ  ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠵᠢᠯᠲᠠᠳ ᠢᠶᠠᠨ ᠵᠤᠬᠢᠶᠠᠨ ᠪᠠᠶᠢᠭᠤᠯᠵᠤ  ᠲᠠᠷᠢᠶᠠᠨ ᠭᠠᠵᠠᠷ ᠲᠤ ᠬᠦᠨᠵᠡᠬᠡᠶᠢᠷᠡᠨ᠂  ᠲᠠᠷᠢᠶᠠᠴᠢᠨ ᠡᠷᠦᠬᠡ ᠪᠠ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠤᠬᠠᠭᠤᠯᠤᠨ ᠵᠢᠯᠣᠭᠤᠳᠴᠤ  ᠂ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠬᠤᠷᠢᠶᠠᠯᠭᠠᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠠᠬᠢᠭᠤᠯᠵᠤ ᠪᠤᠢ᠃      ᠰᠤᠷᠪᠤᠯᠵᠢᠯᠠᠭᠴᠢ ᠲᠠᠷᠢᠶᠠᠨ ᠭᠠᠵᠠᠷ ᠲᠤ ᠬᠦᠷᠬᠦ ᠳᠤ ᠲᠠᠷᠢᠶᠠᠴᠢᠳ ᠶᠠᠭ ᠭᠠᠵᠠᠷ ᠲᠡᠭᠰᠢᠯᠡᠬᠦ᠂ ᠪᠤᠷᠳᠤᠭᠤᠷ ᠣᠷᠣᠭᠤᠯᠬᠤ᠂ ᠳᠠᠯᠠᠩ ᠪᠤᠰᠬᠠᠬᠤ᠂ ᠪᠦᠷᠬᠦᠪᠴᠢ ᠲᠡᠪᠢᠰᠬᠦ ᠠᠵᠢᠯ ᠳᠠᠭᠠᠨ ᠶᠠᠭᠠᠷᠠᠯᠳᠤᠵᠤ᠂ ᠰᠢᠨᠡᠬᠡᠨ ᠲᠡᠪᠢᠰᠦᠭᠰᠡᠨ ᠰᠦᠯᠢᠶᠣᠣ ᠪᠦᠷᠬᠦᠪᠴᠢ ᠨᠢ ᠨᠡᠷᠡᠨ ᠤ ᠭᠡᠷᠡᠯ ᠳᠤ ᠨᠢᠳᠤ ᠬᠢᠯᠠᠰᠤᠭᠤᠯᠤᠭᠠᠳ ᠡᠬᠡ ᠭᠠᠵᠠᠷ ᠲᠤ ᠮᠦᠩᠬᠦᠨ ᠬᠤᠶᠠᠭ ᠨᠦᠮᠦᠷᠭᠡᠭᠰᠡᠨ ᠦᠬᠡᠷ᠎ᠡ ᠦᠬᠡᠢ ᠬᠠᠷᠠᠭᠳᠠᠨ᠎ᠠ᠃    ᠣᠶᠢᠷ᠎ᠠ ᠶᠢᠨ ᠵᠢᠯ ᠳᠤ᠂ ᠰᠦᠯᠢᠶᠣᠣ ᠪᠦᠷᠬᠦᠪᠴᠢ ᠶᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠶᠢ ᠲᠠᠭᠠᠯᠳᠤᠭᠠᠳ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠠᠴᠠ ᠪᠣᠯᠤᠭᠰᠠᠨ ︽ᠴᠠᠭᠠᠨ ᠤ ᠪᠣᠬᠢᠷᠲᠤᠯ︾ ᠨᠢ ᠲᠠᠷᠢᠶᠠᠯᠠᠩ ᠤᠨ ᠪᠣᠬᠢᠷᠲᠤᠯ ᠥᠬᠡᠶ ᠦᠷᠬᠦᠯᠵᠢᠯᠡᠭᠰᠡᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠭᠰᠠᠨ ᠪᠠᠶᠢᠨ᠎ᠠ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠴᠤ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠵᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠲᠠᠷᠢᠶᠠᠯᠠᠩ ᠤᠨ ᠪᠣᠬᠢᠷᠲᠤᠯ ᠥᠬᠡᠶ ᠡᠷᠬᠢᠯᠳᠡᠳᠦ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ ᠲᠠᠶᠢᠹᠤᠰᠧ ᠬᠤᠰᠢᠭᠤᠨ ᠤ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽2023-2024 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ   ᠬᠤᠷᠢᠶᠠᠨ ᠠᠰᠢᠭᠯᠠᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠪ︾ ᠢ ᠲᠤᠭᠳᠠᠭᠠᠨ᠂  ᠡᠬᠦᠷᠭᠡ ᠬᠠᠷᠠᠯᠲᠠ᠂ ᠬᠡᠷᠡᠭᠵᠢᠭᠦᠯᠬᠦ ᠠᠭᠤᠯᠭ᠎ᠠ᠂ ᠮᠡᠷᠭᠡᠵᠢᠯ ᠤᠨ ᠱᠠᠭᠠᠷᠳᠠᠯᠭ᠎ᠠ ᠪᠠ ᠪᠠᠳᠤᠯᠠᠭᠠᠨ ᠤ ᠠᠷᠭ᠎ᠠ ᠬᠡᠮᠵᠢᠶ᠎ᠡ ᠵᠡᠷᠭᠡ ᠳᠤ ᠪᠣᠳᠠᠲᠠᠶ ᠪᠠᠶᠢᠷᠢᠯᠠᠭᠤᠯᠤᠯᠲᠠ ᠬᠢᠭᠰᠡᠨ ᠪᠥᠭᠡᠳ ᠠᠳᠠᠯᠢ ᠪᠤᠰᠤ ᠭᠠᠵᠠᠷ ᠣᠷᠣᠨ ᠤ ᠰᠦᠯᠢᠶᠣᠣ ᠪᠦᠷᠬᠦᠪᠴᠢ ᠭᠡᠷᠡᠭᠯᠡᠬᠦ ᠲᠠᠯᠠᠪᠠᠢ᠂  ᠲᠠᠷᠢᠮᠠᠯ ᠤᠨ ᠲᠦᠷᠦᠯ ᠵᠡᠷᠭᠡ ᠶᠢ ᠦᠨᠳᠦᠰᠦᠯᠡᠨ ᠠᠵᠢᠯ ᠡᠬᠦᠷᠭᠡ ᠶᠢ ᠬᠤᠪᠢᠶᠠᠷᠢᠯᠠᠵᠤ᠂ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠬᠦ ᠲᠤᠷᠰᠢᠯᠲᠠ ᠶᠢᠨ ᠠᠵᠢᠯ ᠢ ᠯᠠᠪᠳᠠᠭᠤᠨ ᠢᠶᠠᠷ  ᠠᠬᠢᠭᠤᠯᠤᠭᠰᠠᠨ ᠪᠠᠶᠢᠨ᠎ᠠ᠃    ᠲᠠᠷᠢᠶᠠᠴᠢᠨ ᡂᠢ ᠮᠢᠩ᠄  ︽ᠮᠠᠨᠠᠶᠢᠬᠢᠨ ᠠᠮᠢᠳᠤ ᠪᠣᠳᠠᠰ ᠤᠨ ᠵᠠᠳᠠᠷᠠᠬᠤ ᠪᠥᠷᠬᠦᠪᠴᠢ ᠶᠢ ᠭᠡᠷᠡᠭᠯᠡᠵᠦ ᠪᠠᠶᠢᠨ᠎ᠠ᠂ ᠲᠡᠭᠦᠨ ᠤ ᠳᠠᠪᠠᠭᠤᠯᠢᠭ ᠲᠠᠯ᠎ᠠ ᠭᠡᠪᠡᠯ ᠳᠤᠯᠠᠭᠠᠨ ᠤ ᠬᠡᠮᠵᠢᠶ᠎ᠡ ᠨᠢ ᠲᠦᠷᠭᠡᠨ ᠳᠡᠭᠡᠭᠰᠢᠯᠡᠵᠦ᠂  ᠤᠨᠠᠯᠳᠠ ᠭᠠᠷᠤᠯᠲᠠ ᠶᠢ ᠨᠡᠮᠡᠭᠳᠡᠬᠦᠯᠦᠨ᠎ᠡ᠂ ᠢᠯᠠᠩᠭᠤᠶ᠎ᠠ  ᠨᠠᠮᠤᠷ ᠤᠨ ᠬᠤᠷᠢᠶᠠᠯᠲᠠ ᠶᠢᠨ ᠦᠶ᠎ᠡ ᠳᠤ ᠡᠶᠢᠮᠦ ᠰᠦᠯᠢᠶᠤᠤ ᠪᠦᠷᠬᠦᠪᠴᠢ ᠨᠢ ᠦᠪᠡᠷᠳᠡᠭᠡᠨ ᠵᠠᠳᠠᠷᠠᠵᠤ ᠪᠠᠭᠠᠰᠳᠠᠭ᠂  ᠡᠨᠡ   ᠨᠢ ᠬᠦᠴᠦ ᠬᠦᠳᠡᠯᠮᠦᠷᠢ ᠳᠤ ᠶᠡᠭᠡ ᠠᠷᠪᠢᠳᠠᠢ᠃ ᠥᠩᠭᠡᠷᠡᠭᠰᠡᠨ ᠤ ᠭᠡᠷᠡᠭᠯᠡᠵᠦ ᠪᠠᠶᠢᠭᠰᠠᠨ ᠰᠦᠯᠢᠶᠤᠤ ᠪᠥᠷᠬᠦᠪᠴᠢ ᠨᠢ ᠲᠠᠷᠢᠭᠰᠠᠨ ᠲᠥᠮᠥᠰᠥ ᠶᠢ ᠭᠡᠳᠦᠷᠬᠡᠢ ᠰᠢᠬᠠᠵᠤ ᠲᠠᠷᠤᠳᠠᠭ ᠠᠴᠠ ᠪᠤᠯᠤᠭᠠᠳ ᠤᠷᠭᠤᠯᠳᠠ ᠳᠤ ᠲᠤᠩ ᠮᠠᠭᠤ ᠪᠠᠶᠢᠵᠠᠢ︾  ᠃    ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠢ ᠠᠬᠤᠶ ᠶᠢᠨ ᠰᠠᠯᠠᠭᠠᠨ ᠤ ᠳᠠᠷᠤᠭ᠎ᠠ ᠺᠦᠩ ᠹᠦ᠋ ᠴᠢᠶᠠᠩ᠄ ︽ᠮᠠᠨ ᠤ ᠬᠤᠰᠢᠭᠤᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠤᠷᠢᠶᠠᠵᠤ ᠠᠰᠢᠭᠯᠠᠬᠤ ᠲᠤᠷᠰᠢᠯᠲᠠ ᠶᠢᠨ ᠲᠠᠯᠠᠪᠠᠶ ᠨᠢ 4 ᠲᠦᠮᠡᠨ ᠮᠥ᠂  2.5 ᠲᠦᠮᠡᠨ ᠮᠥ   ᠳᠤᠨᠢ ᠠᠮᠢᠳᠤ ᠪᠣᠳᠠᠰ ᠤᠨ ᠵᠠᠳᠠᠷᠠᠬᠤ ᠪᠦᠷᠬᠦᠪᠴᠢ ᠶᠢ ᠭᠡᠷᠡᠭᠯᠡᠵᠦ᠂ 1.5 ᠲᠦᠮᠡᠨ ᠮᠥ ᠳᠤᠨᠢ ᠵᠤᠵᠠᠭᠠᠨ ᠰᠦᠯᠢᠶᠣᠣ ᠪᠦᠷᠬᠦᠪᠴᠢ ᠭᠡᠷᠡᠭᠯᠡᠵᠦ ᠪᠤᠢ᠂  ᠲᠤᠰ ᠲᠦᠷᠦᠯ ᠵᠦᠢᠯ ᠢ ᠨᠢᠭᠡᠨᠲᠡ ᠭᠤᠷᠪᠠᠨ ᠵᠢᠯ ᠭᠡᠷᠡᠭᠵᠢᠬᠦᠯᠵᠡᠢ᠂  ᠪᠠᠶᠢᠭᠠᠯᠢ ᠣᠷᠴᠢᠨ ᠤ ᠬᠠᠮᠠᠭᠠᠯᠠᠯᠲᠠ ᠳᠤ ᠮᠠᠰᠢ ᠰᠠᠶᠢᠨ᠂ ᠠᠷᠠᠳ ᠤᠯᠠᠨ ᠴᠤ ᠪᠦᠷ ᠮᠡᠳᠡᠷᠡᠵᠦ ᠪᠠᠶᠢᠭ᠎ᠠ︾  ᠃    ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠵᠢᠯᠤᠭᠤᠳᠤᠯᠭ᠎ᠠ ᠦᠢᠯᠡᠴᠢᠯᠡᠭᠡ ᠪᠠᠨ ᠦᠷᠭᠦᠯᠵᠢᠯᠡᠨ ᠴᠢᠩᠭᠠᠳᠬᠠᠵᠤ᠂ ᠳᠡᠮᠵᠢᠯᠭᠡ ᠶᠢᠨ ᠰᠢᠰᠲ᠋ᠧᠮᠵᠢ ᠶᠢ ᠪᠦᠷᠢᠨᠰᠢᠭᠦᠯᠦᠨ᠂ ᠠᠵᠢᠯᠯᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠰᠠᠶᠢᠵᠢᠷᠠᠭᠤᠯᠳᠠ ᠪᠠ ᠠᠮᠢ ᠠᠬᠤᠶ ᠣᠷᠴᠢᠨ ᠲᠣᠭᠤᠷᠢᠨ ᠤ ᠰᠠᠶᠢᠵᠢᠷᠠᠯᠳᠠ ᠶᠢ ᠴᠢᠨᠠᠭᠰᠢᠳᠠ ᠠᠬᠢᠭᠤᠯᠤᠨ᠂ ᠲᠠᠷᠢᠶᠠᠯᠠᠩ ᠤᠨ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠠᠶᠢᠨ᠎ᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号