ᠰᠢᠩ ᠹᠦ᠋ ᠰᠢᠶᠠᠩ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/16
  ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ  ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠳᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠰᠢᠩ ᠹᠦ᠋ ᠰᠢᠶᠠᠩ ᠤᠨ ᠬᠢᠨ ᠤᠶᠢᠷ᠎ᠠ ᠳᠤ  ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠦᠷᠨᠢᠬᠦᠯᠵᠦ ᠪᠠᠶᠢᠨ᠎ᠠ᠃ ᠠᠵᠢᠯᠳᠠᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ  ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ ᠥᠷᠭᠡᠨ ᠢᠶᠠᠷ ᠤᠬᠠᠭᠤᠯᠵᠤ᠂  ᠸᠢᠴᠠᠲ ᠤᠨ ᠨᠡᠶᠢᠲᠡ ᠶᠢᠨ ᠳ᠋ᠤᠭᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠰᠤᠷᠤᠯᠴᠠᠯᠭ᠎ᠠ ᠤᠬᠠᠭᠤᠯᠭ᠎ᠠ ᠶᠢᠨ ᠲᠤᠰᠬᠠᠶ ᠪᠤᠯᠤᠩ ᠭᠠᠷᠭᠠᠵᠤ᠂ ᠡᠯ᠎ᠡ ᠲᠣᠰᠬᠤᠨ ᠢ ᠵᠣᠬᠢᠶᠠᠨ ᠪᠠᠶᠢᠭᠤᠯᠵᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠢ ᠰᠤᠷᠤᠯᠴᠠᠭᠤᠯᠤᠭᠰᠠᠨ ᠪᠦᠭᠡᠳ ᠤᠬᠠᠭᠤᠯᠭ᠎ᠠ ᠶᠢᠨ ᠮᠠᠲ᠋ᠧᠷᠢᠶᠠᠯ ᠢ ᠭᠡᠪᠯᠡᠨ ᠲᠠᠷᠬᠠᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠠᠬᠢᠭᠤᠯᠪᠠ᠃ ᠳᠠᠷᠠᠭᠠᠴᠢ ᠪᠠᠷ᠂ ᠰᠢᠩ ᠹᠦ᠋ ᠰᠢᠶᠠᠩ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠤᠯᠭᠠᠨ᠂ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠤᠬᠠᠭᠤᠯᠭ᠎ᠠ ᠲᠠᠶᠢᠯᠤᠮᠵᠢ ᠶᠢ ᠭᠦᠨᠵᠡᠭᠡᠢ ᠦᠷᠨᠢᠬᠦᠯᠦᠨ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠪᠠᠷ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号