ᠯᠦᠸᠧ ᠲᠦᠸᠧ ᠱᠠᠨ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/5/16
 5 ᠰᠠᠷ᠎ᠠ ᠶᠢᠨ 14 ᠤ ᠡᠳᠦᠷ᠂ ᠯᠦᠸᠧ ᠲᠦᠸᠧ ᠱᠠᠨ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠰᠢᠨ ᠷᠦᠨ ᠵᠢᠶᠠᠩ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠠᠩᠰᠠ ᠮᠡᠳᠡᠭᠦᠯᠦᠭᠴᠢ ᠬᠤᠷᠠᠯ ᠳᠤ ᠣᠷᠣᠯᠴᠠᠵᠠᠶ᠃  ᠰᠢᠨ ᠷᠦᠨ ᠵᠢᠶᠠᠩ ᠠᠴᠠ ᠲᠠᠷᠢᠶᠠᠯᠠᠩ ᠤᠨ ᠤᠰᠤᠯᠠᠯᠲᠠ ᠶᠢᠨ ᠰᠦᠢᠳᠭᠡᠯ ᠢ ᠤᠷᠢᠳᠴᠢᠯᠠᠨ ᠲᠤᠰᠢᠶᠠᠬᠤ᠂ ᠨᠡᠷᠡᠨ ᠬᠤᠸᠠᠷ  ᠤᠨ ᠲᠠᠯᠠᠪᠠᠢ ᠶᠢ ᠤᠶᠢᠯᠠᠭᠠᠨ ᠪᠠᠶᠢᠴᠠᠭᠠᠬᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠯᠬᠤᠮ ᠶᠠᠪᠤᠴᠠ ᠶᠢ ᠲᠦᠷᠢᠮᠵᠢᠬᠦᠯᠬᠦ᠂ ᠲᠣᠰᠬᠤᠨ ᠱᠠᠲᠤᠨ ᠤ ︽ᠡᠳ᠋ ᠬᠦᠷᠦᠩᠭᠡ ᠪᠡᠯᠡ ᠮᠦᠩᠬᠦ ᠡᠬᠢ ᠪᠠᠶᠠᠯᠢᠭ︾  ᠤᠨ ᠬᠠᠮᠢᠶᠠᠷᠤᠯᠲᠠ  ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠪᠠᠷ ᠪᠠᠶᠢᠷᠢᠯᠠᠭᠤᠯᠤᠯᠲᠠ ᠬᠢᠵᠦ᠂  ᠵᠣᠬᠢᠶᠠᠨ ᠪᠠᠶᠢᠭᠤᠯᠬᠤ ᠭᠡᠰᠢᠭᠦᠨ ᠶᠢᠨ ᠴᠢᠩ ᠶᠠᠩ ᠠᠴᠠ ᠤᠢᠢᠷ᠎ᠠ ᠶᠢᠨ ᠬᠤᠭᠤᠴᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠤᠨ᠂ ᠤᠬᠠᠭᠤᠯᠬᠤ ᠭᠡᠰᠢᠭᠦᠨ ᠵᠠᠩ ᠪᠢᠨ ᠠᠴᠠ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ᠂ ᠲᠠᠯ᠎ᠠ ᠨᠤᠲᠤᠭ ᠤᠨ ᠨᠣᠮ ᠤᠨ ᠦᠷᠦᠭᠡᠨ ᠤ ᠬᠠᠮᠢᠶᠠᠷᠤᠯᠲᠠ᠂ ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ ᠤᠨ ᠬᠤᠪᠢ ᠬᠤᠷᠠᠮᠳᠤᠭᠤᠯᠬᠤ ᠠᠵᠢᠯ ᠳᠤ ᠪᠠᠶᠢᠷᠢᠯᠠᠭᠤᠯᠤᠯᠳᠠ ᠬᠢᠪᠡ᠃ ᠨᠠᠮ ᠤᠨ ᠬᠤᠷᠢᠶᠠᠨ ᠤ ᠱᠦᠵᠢ ᠪᠠᠭᠠᠲᠤᠷ ᠠᠴᠠ᠂ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠣᠳᠣᠬᠠᠨ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠭ᠎ᠠ ᠪᠤᠯᠬᠤᠷ ᠪᠦᠬᠦ ᠪᠠᠯᠭᠠᠰᠤ ᠪᠠᠷ ᠢᠶᠠᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠬᠳᠠ ᠠᠩᠬᠠᠷᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠦᠷ᠎ᠡ ᠪᠦᠲᠦᠮᠵᠢᠲᠡᠢ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠤᠳᠠᠭᠳᠠᠯ ᠢ ᠰᠡᠷᠭᠡᠭ ᠢᠶᠠᠷ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠨ᠂ ᠬᠦᠴᠦᠯᠡᠬᠦ ᠴᠡᠭ ᠢ ᠣᠨᠣᠪᠴᠢᠲᠠᠢ ᠣᠯᠵᠤ᠂  ᠴᠠᠭ ᠤᠨ ᠬᠢᠵᠠᠭᠠᠷ ᠢ ᠲᠤᠳᠤᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠭᠤᠷᠪᠠ ᠳᠤ ᠰᠤᠷᠲᠠᠯ ᠢ ᠲᠥᠪ ᠴᠢᠩᠭ᠎ᠠ ᠪᠣᠯᠭᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠰᠤᠷᠲᠠᠯ ᠢ ᠶᠡᠬᠡᠪᠡᠷ ᠪᠠᠳᠠᠷᠠᠭᠤᠯᠵᠤ᠂ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠢᠨ᠎ᠡ ᠬᠠᠮᠲᠤᠷᠠᠯ ᠤᠨ ᠬᠦᠴᠦᠨ ᠢ ᠨᠢᠬᠳᠠᠷᠠᠭᠤᠯᠤᠨ᠂ ᠰᠢᠨ᠎ᠡ ᠠᠵᠢᠯ ᠤᠨ ᠰᠤᠷᠲᠠᠯ ᠢ ᠪᠤᠢ ᠪᠤᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠂ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号