ᠲᠠᠶᠢᠹᠤᠰᠧ ᠬᠤᠰᠢᠭᠤ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠪᠠ
ᠨᠡᠶᠢᠲᠡᠯᠡᠭᠰᠡᠨ ᠴᠠᠭ᠄
2024/5/17
  ᠰᠤᠷᠤᠭᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠰᠤᠷᠤᠭᠴᠢᠳ ᠢ ᠬᠥᠮᠥᠵᠢᠭᠦᠯᠦᠨ ᠵᠢᠯᠣᠭᠤᠳᠴᠤ ᠪᠠᠶᠢᠭᠠᠳ ᠬᠠᠤᠯᠢ ᠲᠦᠷᠢᠮ ᠤᠨ ᠵᠦᠪ ᠦᠵᠡᠯᠲᠡ ᠲᠠᠢ ᠪᠤᠯᠭᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠪᠣᠯᠪᠠᠰᠤᠨ ᠰᠠᠶᠢᠬᠠᠨ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠬᠦᠷᠴᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠠᠶᠢᠯᠤᠮᠵᠢ ᠬᠢᠵᠡᠢ᠃ ᠬᠢᠴᠢᠶᠡᠯ ᠳᠡᠭᠡᠷ᠎ᠡ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠠᠤᠯᠢ ᠪᠠᠷ ᠵᠠᠰᠠᠬᠤ ᠠᠵᠢᠯ ᠤᠨ ᠳᠡᠳ᠋ ᠵᠠᠬᠢᠷᠤᠯ᠂ ᠬᠤᠰᠢᠭᠤᠨ ᠤ ᠰᠢᠭᠦᠬᠦ ᠬᠤᠷᠢᠶᠠᠨ ᠤ ᠤᠯᠤᠰ ᠲᠥᠷᠥ ᠶᠢᠨ ᠬᠡᠯᠲᠡᠰ ᠤᠨ ᠳᠡᠳ᠋ ᠡᠷᠬᠢᠯᠡᠭᠴᠢ ᠭᠤᠤ ᠶᠤᠸᠠᠨ ᠠᠴᠠ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠢᠷᠡᠯᠲᠡ᠂ ᠨᠠᠰᠤᠨ ᠳᠤ ᠥᠯᠥ ᠭᠦᠷᠦᠭᠰᠡᠳ ᠢ ᠬᠡᠷᠬᠢᠨ ᠬᠠᠮᠠᠭᠠᠯᠠᠬᠤ᠂ ᠨᠠᠰᠤᠨ ᠳᠤ ᠥᠯᠥ ᠭᠦᠷᠦᠭᠰᠡᠳ ᠲᠠᠢ ᠬᠤᠯᠪᠤᠭᠳᠠᠭᠰᠠᠨ ᠬᠠᠤᠯᠢ ᠲᠦᠷᠢᠮ᠂ ︽ᠶᠠᠭᠤ ᠶᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠬᠦ  ︾᠂ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠨᠢ ᠶᠠᠮᠠᠷ ᠬᠤᠤᠷ ᠬᠥᠨᠥᠭᠡᠯ ᠲᠠᠢ ᠪᠠᠶᠢᠳᠠᠭ︾ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠡᠬᠦᠰᠬᠦ ᠳᠤ ᠶᠠᠭᠠᠬᠢᠪᠠᠯ ᠵᠣᠬᠢᠬᠤ︾  ᠵᠡᠷᠭᠡ ᠲᠠᠯᠠᠪᠠᠷ ᠭᠦᠨᠵᠡᠭᠡᠶ ᠮᠦᠷᠳᠡᠭᠡᠨ ᠣᠶᠢᠯᠠᠭᠠᠮᠵᠢᠲᠠᠶ ᠲᠠᠶᠢᠯᠤᠮᠵᠢ ᠬᠢᠵᠦ᠂ ᠰᠤᠷᠤᠭᠴᠢᠳ ᠢ ᠵᠢᠯᠤᠭᠤᠳᠤᠨ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠵᠢᠯᠯᠠᠭ᠎ᠠ ᠶᠢ ᠡᠰᠡᠷᠬᠦᠴᠡᠵᠦ ᠬᠠᠤᠯᠢ ᠴᠠᠭᠠᠵᠠ ᠪᠠᠷ ᠪᠡᠶ᠎ᠡ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠪᠠ᠃    ᠰᠤᠷᠤᠭᠴᠢ ᠷᠧᠨ ᠽᠢ ᠬᠠᠩ  ᠄ ︽ᠥᠨᠥᠳᠥᠷ  ᠰᠢᠭᠦᠭᠴᠢ ᠠᠪᠠᠭ᠎ᠠ ᠶᠢᠨ ᠬᠢᠴᠢᠶᠡᠯ ᠢ ᠰᠤᠨᠤᠰᠤᠭᠠᠳ ᠤᠯᠠᠨ ᠶᠠᠭᠤᠮ᠎ᠠ ᠶᠢ ᠮᠡᠳᠡᠯ᠎ᠡ᠂ ᠬᠠᠤᠯᠢ ᠴᠠᠭᠠᠵᠠ ᠪᠢᠳᠡᠨ ᠠᠴᠠ ᠮᠠᠰᠢ ᠣᠶᠢᠷᠠᠬᠠᠨ ᠪᠠᠶᠢᠭ᠎ᠠ ᠶᠤᠮ ᠪᠠᠶᠢᠨ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠤᠭᠰᠠᠨ ᠤ ᠬᠤᠪᠢ ᠳᠤ ᠪᠢᠳᠡ ᠬᠠᠤᠯᠢ  ᠶᠢ ᠮᠡᠳᠡᠵᠦ ᠬᠠᠤᠯᠢ ᠶᠢ ᠰᠠᠬᠢᠬᠤ ᠪᠠᠷ ᠪᠠᠷᠠᠬᠤ ᠦᠭᠡᠢ᠂ ᠪᠠᠰᠠ ᠬᠠᠤᠯᠢ ᠪᠠᠷ ᠪᠡᠶ᠎ᠡ ᠪᠠᠨ ᠬᠠᠮᠠᠭᠠᠯᠠᠵᠤ ᠰᠤᠷᠬᠤ ᠬᠡᠷᠡᠭᠲᠡᠢ᠃ ᠮᠦᠨ ᠴᠤ ᠪᠣᠳᠠᠲᠤ ᠠᠵᠢᠯᠯᠠᠭ᠎ᠠ ᠪᠠᠷ ᠢᠶᠠᠨ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠵᠤ᠂ ᠬᠠᠤᠯᠢ ᠶᠢ ᠮᠡᠳᠡᠵᠦ ᠬᠠᠤᠯᠢ ᠶᠢ ᠰᠠᠬᠢᠳᠠᠭ ᠰᠠᠶᠢᠨ ᠰᠤᠷᠤᠭᠴᠢ ᠪᠣᠯᠬᠤ ᠬᠡᠷᠡᠭᠲᠡᠶ︾᠃    ᠵᠠᠯᠠᠭᠤᠴᠤᠳ ᠪᠠᠭᠠᠴᠤᠳ ᠪᠣᠯ ᠤᠯᠤᠰ ᠭᠡᠷ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ︽ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠨᠢ ᠥᠷᠭᠡᠨ ᠣᠯᠠᠨ ᠰᠤᠷᠤᠭᠴᠢᠳ ᠤᠨ ᠬᠠᠤᠯᠢ ᠲᠦᠷᠢᠮ ᠤᠨ ᠦᠵᠡᠯᠲᠡ ᠶᠢ ᠤᠯᠠᠮ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠰᠤᠷᠤᠭᠴᠢᠳ ᠤᠨ ᠵᠥᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号