ᠪᠡᠭᠡᠵᠢᠩ ᠬᠤᠲᠠ ᠶᠢᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶᠠᠨ ᠤ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2024/5/17
  5 ᠰᠠᠷ᠎ᠠ ᠶᠢᠨ 15 ᠤ ᠡᠳᠦᠷ᠂ ᠪᠡᠭᠡᠵᠢᠩ ᠬᠤᠲᠠ ᠶᠢᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠣᠪᠴᠢᠶ᠎ᠠ ᠶᠢᠨ ᠬᠠᠮᠵᠢᠯᠴᠠᠨ ᠲᠤᠰᠠᠯᠠᠯᠴᠠᠬᠤ ᠭᠠᠵᠠᠷ ᠤᠨ ᠳᠠᠷᠤᠭ᠎ᠠ ᠰᠦᠨ ᠶᠠᠨ ᠴᠢᠩ ᠤᠨ ᠲᠠᠭᠠᠭᠤᠯᠤᠭᠰᠠᠨ ᠪᠠᠶᠢᠴᠠᠭᠠᠨ ᠰᠤᠳᠤᠯᠬᠤ ᠪᠦᠯᠬᠦᠮ ᠲᠠᠶᠢᠹᠤᠰᠧ ᠬᠤᠰᠢᠭᠤᠨ ᠤ ᠬᠡᠰᠡᠭ ᠠᠵᠤ ᠠᠬᠤᠶᠢᠯᠠᠯ ᠪᠠ ᠭᠠᠴᠠᠭ᠎ᠠ ᠲᠣᠰᠬᠤᠨ ᠳᠤ ᠬᠦᠨᠵᠡᠬᠡᠶᠢᠷᠡᠵᠦ᠂  ᠲᠠᠷᠢᠶᠠᠯᠠᠬᠤ ᠠᠵᠤ ᠦᠢᠯᠡᠰ ᠤᠨ ᠬᠥᠭᠵᠢᠯᠲᠡ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠠᠶᠢᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠬᠤ ᠭᠠᠵᠠᠷ ᠤᠨ ᠳᠠᠷᠤᠭ᠎ᠠ ᠵᠢᠶᠠ ᠬᠤᠤ ᠪᠥᠸᠧ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶  ᠤ ᠳᠠᠷᠤᠭ᠎ᠠ ᠵᠠᠩ ᠶᠠᠨ ᠴᠧᠨ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ᠪᠠᠶᠢᠴᠠᠭᠠᠨ ᠰᠤᠳᠤᠯᠬᠤ ᠪᠦᠯᠬᠦᠮ ᠤᠨ ᠬᠢᠨ ᠴᠢᠶᠠᠨ ᠶᠢᠨ ᠭᠸᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂  ᠲᠠᠶᠢᠹᠤᠰᠧ ᠬᠤᠰᠢᠭᠤᠨ ᠤ ᠺᠠᠶ ᠳ᠋ᠠ ᠲᠥᠮᠥᠰᠥ ᠪᠣᠯᠪᠠᠰᠤᠷᠠᠭᠤᠯᠬᠤ ᠲᠥᠷᠥᠯ ᠵᠦᠢᠯ ᠤᠨ ᠤᠷᠤᠨ᠂ ᠭᠧ ᠷᠦᠢ ᠳ᠋ᠧ ᠲᠦᠮᠦᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ᠂ ᠠᠵᠤ ᠦᠢᠯᠡᠰ ᠤᠨ ᠬᠥᠭᠵᠢᠯᠲᠡ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠪᠦᠯᠬᠦᠮ ᠤᠨ ᠬᠢᠨ ᠢᠯᠡᠷᠬᠡᠶᠢᠯᠡᠬᠦ ᠳᠡᠭᠡᠨ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠤᠷᠳᠤ ᠬᠤᠭᠤᠴᠠᠭᠠᠨ ᠤ ᠲᠤᠷᠰᠢ ᠬᠠᠮᠵᠢᠯᠴᠠᠭ᠎ᠠ ᠪᠠᠨ ᠲᠠᠰᠤᠷᠠᠯᠲᠠ ᠦᠭᠡᠢ ᠬᠦᠨᠵᠡᠬᠡᠶᠢᠷᠡᠬᠦᠯᠦᠭᠡᠳ ᠢᠯᠡᠷᠭᠡᠢ ᠦᠷ᠎ᠡ ᠪᠦᠲᠦᠮᠵᠢ ᠣᠯᠵᠠᠢ᠃  ᠲᠠᠶᠢᠹᠤᠰᠧ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠪᠠ ᠴᠢᠭᠯᠡᠯ ᠲᠣᠳᠣᠷᠬᠠᠢ ᠪᠠᠶᠢᠵᠤ᠂ ᠲᠠᠷᠢᠶᠠᠯᠠᠩ ᠤᠨ ᠠᠵᠤ ᠦᠢᠯᠡᠰ ᠤᠨ ᠪᠦᠯᠦᠭᠯᠡᠯ ᠠᠩᠬ᠎ᠠ ᠠᠯᠬᠤᠮ ᠪᠦᠷᠢᠯᠳᠦᠨ᠂ ᠵᠢᠱᠢᠶ᠎ᠡ ᠦᠵᠡᠭᠦᠯᠬᠦ  ᠭᠠᠴᠠᠭ᠎ᠠ ᠲᠤᠰᠬᠤᠨ ᠤ ᠪᠠᠶᠢᠭᠤᠯᠤᠯᠳᠠ ᠮᠡᠳᠡᠭᠳᠡᠮ᠎ᠡ ᠦᠷ᠎ᠡ ᠪᠦᠲᠦᠮᠵᠢ ᠤᠯᠤᠭᠰᠠᠨ ᠪᠠᠶᠢᠭ᠎ᠠ᠃ ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠬᠢᠨ ᠬᠠᠮᠵᠢᠯᠴᠠᠭ᠎ᠠ ᠪᠠᠨ ᠤᠯᠠᠮ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠠᠮᠳᠤᠳᠬᠠᠨ᠂  ᠠᠵᠤ ᠦᠢᠯᠡᠰ ᠤᠨ ᠬᠠᠮᠲᠤᠷᠠᠯᠴᠠᠭᠠᠨ ᠤ ᠥᠷᠭᠡᠴᠡ ᠪᠠ ᠭᠦᠨᠴᠡ ᠶᠢ ᠲᠠᠰᠤᠷᠠᠯᠲᠠ ᠥᠬᠡᠶ  ᠨᠡᠮᠡᠭᠳᠡᠬᠦᠯᠵᠦ᠂ ᠨᠢᠭᠡᠨᠲᠡ ᠪᠤᠢ ᠪᠤᠯᠤᠭᠰᠠᠨ ᠠᠵᠤ ᠦᠢᠯᠡᠰ ᠤᠨ ᠬᠡᠯᠬᠢᠶᠡᠨ ᠤ ᠰᠠᠭᠤᠷᠢᠨ ᠳᠡᠭᠡᠷ᠎ᠡ ᠦᠷᠭᠦᠯᠵᠢᠯᠡᠨ ᠲᠥᠷᠥᠯ ᠵᠦᠢᠯ ᠢ ᠲᠥᠯᠥᠪᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ᠂  ᠪᠠᠯᠠ ᠮᠥᠩᠭᠦ᠂ ᠴᠢᠳᠠᠪᠤᠷᠢᠲᠠᠨ ᠤ ᠳᠠᠪᠠᠭᠤᠯᠢᠭ ᠢ ᠬᠦᠢᠴᠡᠳ ᠠᠰᠢᠭᠯᠠᠨ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠬᠦᠭᠵᠢᠯᠳᠡ ᠶᠢᠨ ᠨᠠᠩ ᠥᠨᠳᠥᠷ ᠲᠦᠪᠰᠢᠨ ᠳᠤ ᠭᠠᠷᠬᠤ ᠶᠢ ᠠᠬᠢᠭᠤᠯᠤᠨ  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠬᠡᠵᠡᠢ᠃ ᠹᠠᠨ ᠬᠤᠸᠠ ᠮᠢᠨ᠂ ᠯᠢᠦ ᠶᠠ ᠱᠧᠩ  ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠡᠭᠡᠵᠢᠩ ᠤᠨ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号