ᠲᠠᠶᠢᠹᠤᠰᠧ ᠬᠤᠰᠢᠭᠤ ︽ᠭᠤᠷᠪᠠᠨ ᠠᠵᠢᠯ︾ ᠢ ᠰᠠᠶᠢᠨ ᠬᠢᠵᠦ ᠬᠠᠷᠢᠶᠠᠲᠤ ᠨᠠᠷ ᠤᠨ ᠶᠠᠪᠤᠳᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/5/17
  ᠲᠠᠶᠢᠹᠤᠰᠧ ᠬᠤᠰᠢᠭᠤᠨ ᠤ ᠬᠢᠨ ᠬᠠᠷᠢᠶᠠᠲᠤ ᠨᠠᠷ ᠤᠨ ᠰᠡᠳᠭᠢᠯ ᠢ  ᠨᠢᠬᠳᠠᠷᠠᠭᠤᠯᠬᠤ ᠪᠠᠷ ᠦᠨᠳᠦᠰᠦ ᠪᠤᠯᠭᠠᠨ᠂ ᠬᠠᠷᠢᠶᠠᠲᠤ ᠨᠠᠷ ᠲᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠬᠠᠷᠢᠶᠠᠲᠤ ᠨᠠᠷ ᠤᠨ ᠬᠦᠴᠦᠨ ᠢ ᠪᠠᠳᠠᠷᠠᠭᠤᠯᠬᠤ ᠪᠠᠷ ᠭᠠᠷᠳᠠᠴᠠ ᠪᠤᠯᠭᠠᠨ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠳᠣᠲᠣᠨᠣ ᠬᠥᠮᠦᠰ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠬᠠᠷᠢᠶᠠᠲᠤ ᠨᠠᠷ ᠤᠨ ᠶᠠᠪᠤᠳᠠᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃    — —  ︽ᠰᠣᠯᠢᠯᠴᠠᠭᠠᠨ ᠤ ᠠᠵᠢᠯ︾ ᠢ ᠰᠠᠶᠢᠨ ᠬᠢᠵᠦ᠂ ᠬᠠᠷᠢᠶᠠᠲᠤ ᠨᠠᠷ ᠤᠨ ᠬᠦᠴᠦᠨ ᠢ ᠨᠢᠬᠳᠠᠷᠠᠭᠤᠯᠤᠭᠰᠠᠨ᠃ ᠦᠵᠡᠯ ᠰᠠᠨᠠᠭ᠎ᠠ ᠤᠨᠤᠯ ᠤᠨ ᠬᠥᠮᠦᠵᠢᠯ ᠢ ᠪᠠᠶᠢᠩᠭᠤᠵᠢᠭᠤᠯᠵᠤ᠂ ᠤᠯᠤᠰ ᠲᠠᠭᠠᠨ ᠪᠤᠴᠠᠵᠤ ᠢᠷᠡᠭᠰᠡᠨ ᠥᠷᠭᠡᠨ ᠤᠯᠠᠨ ᠬᠠᠷᠢᠶᠠᠲᠤ ᠨᠠᠷ ᠪᠠ ᠬᠠᠷᠢᠶᠠᠲᠤ ᠶᠢᠨ ᠭᠡᠷ ᠪᠦᠯᠢ ᠶᠢᠨ ᠬᠢᠨ ᠢ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠠᠷᠪᠠᠨ ᠨᠢᠭᠡᠳᠦᠭᠡᠷ ᠤᠳᠠᠭᠠᠨ ᠤ ᠪᠦᠬᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ   ᠶᠢᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠶᠢᠨ ᠭᠡᠷ ᠪᠦᠯᠢ ᠯᠦᠭᠡ ᠬᠠᠷᠢᠯᠴᠠᠭ᠎ᠠ ᠪᠠᠨ ᠴᠢᠩᠭᠠᠳᠬᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾᠂ ︽ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ︾ ᠵᠡᠷᠭᠡ ᠡᠯ᠎ᠡ ᠲᠥᠷᠥᠯ ᠤᠨ  ᠰᠤᠷᠤᠯᠭ᠎ᠠ ᠪᠣᠯᠪᠠᠰᠤᠷᠠᠯ ᠪᠠ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠶᠢᠨ ᠭᠡᠷ ᠪᠦᠯᠢ ᠶᠢᠨ ᠬᠢᠨ ᠤ ᠡᠬᠡ ᠤᠷᠤᠨᠴᠢ ᠦᠵᠡᠯ ᠤᠨ ᠬᠥᠮᠦᠵᠢᠯ ᠪᠠ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠨ᠂ ᠲᠡᠳᠡᠨ ᠤ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ ᠢᠲᠡᠭᠡᠯ ᠵᠣᠷᠢᠭ ᠢ ᠨᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠤᠪᠢ ᠨᠡᠮᠡᠷᠢ ᠪᠠᠨ ᠦᠵᠡᠬᠦᠯᠬᠦ ᠶᠢ ᠲᠠᠶᠢᠴᠢᠯᠠᠭᠰᠠᠨ ᠪᠠᠶᠢᠨ᠎ᠠ᠃      — — ︽ᠦᠢᠯᠡᠴᠢᠯᠡᠭᠡᠨ ᠤ ᠠᠵᠢᠯ︾  ᠢ ᠰᠠᠶᠢᠨ ᠬᠢᠵᠦ᠂ ᠬᠠᠷᠢᠶᠠᠲᠤ ᠨᠠᠷ ᠤᠨ ᠰᠡᠳᠬᠢᠯ ᠢ ᠲᠤᠯᠠᠭᠠᠴᠠᠭᠤᠯᠤᠭᠰᠠᠨ᠃ ᠬᠠᠷᠢᠶᠠᠲᠤ ᠨᠠᠷ ᠤᠨ ᠶᠠᠪᠤᠳᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ 5 ᠲᠠᠯ᠎ᠠ ᠶᠢᠨ 16 ᠵᠦᠢᠯ ᠤᠨ ᠠᠭᠤᠯᠭ᠎ᠠ ᠶᠢ ᠪᠠᠭᠳᠠᠭᠠᠨ᠂ ᠨᠢᠭᠡᠳᠦᠮᠡᠯ ᠹᠷᠣᠨᠲ ᠤᠨ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠬᠠᠷᠢᠶᠠᠲᠤ ᠨᠠᠷ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠰᠢᠨᠡᠳᠭᠡᠨ᠂ ᠦᠵᠡᠯ ᠰᠠᠨᠠᠭᠠᠨ ᠤ ᠪᠠᠶᠢᠳᠠᠯ᠂  ᠦᠨᠳᠦᠰᠦᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶ᠋ᠢᠭ ︽ᠭᠤᠷᠪᠠ ᠲᠣᠳᠣᠷᠬᠠᠶ ᠪᠠᠶᠢᠬᠤ︾ ᠶᠢ ᠦᠨᠡᠨᠬᠦ ᠪᠠᠳᠤᠯᠠᠪᠠ᠃ ︽ᠬᠠᠷᠢᠶᠠᠲᠤ ᠨᠠᠷ ᠤᠨ ᠬᠡᠷ︾ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠲᠤᠭᠳᠠᠭᠠᠯ ᠢ ᠪᠦᠷᠢᠨᠰᠢᠬᠦᠯᠦᠨ᠂ ᠠᠵᠢᠯ ᠤᠨ ᠣᠨᠴᠠᠯᠢᠭ ᠢ ᠪᠦᠷᠢᠯᠳᠦᠭᠦᠯᠵᠦ᠂ ︽ᠬᠠᠷᠢᠶᠠᠲᠤ ᠨᠠᠷ ᠤᠨ ᠬᠡᠷ︾ ᠢ ᠬᠠᠷᠢᠶᠠᠲᠤ ᠨᠠᠷ ᠤᠨ ᠰᠣᠶᠣᠯ ᠤᠨ ᠰᠠᠭᠤᠷᠢᠨ ᠭᠠᠵᠠᠷ᠂ ᠣᠶᠤᠨ ᠰᠠᠨᠠᠭᠠᠨ ᠤ ᠬᠡᠷ ᠣᠷᠣᠨ ᠪᠤᠯᠭᠠᠵᠤ ᠪᠠᠶᠢᠭᠤᠯᠤᠭᠠᠳ᠂ ᠴᠢᠬᠤᠯᠠ ᠶᠡᠭᠡ ᠪᠠᠶᠠᠷ ᠲᠤᠷᠠᠰᠬᠠᠯ ᠤᠨ ᠡᠳᠦᠷ ᠪᠣᠯᠬᠤ ᠪᠦᠷᠢ ᠬᠠᠷᠢᠶᠠᠲᠤ ᠨᠠᠷ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠥᠷᠨᠢᠭᠦᠯᠵᠦ᠂  ᠬᠠᠷᠢᠶᠠᠲᠤ ᠨᠠᠷ ᠪᠠ ᠲᠡᠳᠡᠨ ᠤ ᠲᠥᠷᠥᠯ ᠰᠠᠳᠤᠨ ᠲᠠᠢ ᠰᠡᠳᠬᠢᠯ ᠤᠨ ᠦᠭᠡ ᠪᠠᠨ ᠶᠠᠷᠢᠯᠴᠠᠨ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠦ᠂ ᠬᠠᠷᠢᠶᠠᠲᠤ ᠨᠠᠷ ᠤᠨ ᠢᠳᠡᠭᠡᠵᠦ  ᠨᠠᠶᠢᠳᠠᠭᠤᠰᠢᠳᠠᠢ ︽ᠲᠥᠷᠬᠦᠮ ᠤᠨ ᠬᠥᠮᠦᠨ︾ ᠪᠠ ︽ᠳᠣᠲᠣᠨᠣ ᠬᠥᠮᠦᠨ︾ ᠪᠤᠯᠤᠭᠰᠠᠨ ᠪᠠᠶᠢᠨ᠎ᠠ᠃      — — ︽ᠬᠠᠮᠲᠤᠷᠠᠯᠴᠠᠭᠠᠨ ᠤ ᠠᠵᠢᠯ︾ ᠢ ᠰᠠᠶᠢᠨ ᠬᠢᠵᠦ᠂ ᠬᠠᠷᠢᠶᠠᠲᠤ   ᠳᠤ ᠲᠦᠰᠢᠭᠯᠡᠨ ᠬᠦᠭᠵᠢᠯᠳᠡ ᠶᠢ ᠠᠬᠢᠭᠤᠯᠤᠭᠰᠠᠨ᠃  ᠬᠠᠷᠢᠶᠠᠲᠤ ᠨᠠᠷ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠠᠷᠢᠶᠠᠲᠤ ᠨᠠᠷ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ︽4.15︾ ᠵᠡᠷᠭᠡ ᠴᠢᠬᠤᠯᠠ ᠴᠠᠭ ᠬᠤᠭᠤᠴᠠᠭ᠎ᠠ ᠲᠠᠢ ᠤᠶᠠᠯᠳᠤᠭᠤᠯᠵᠤ  ᠬᠠᠷᠢᠶᠠᠲᠤ ᠳᠤ ᠬᠤᠯᠪᠤᠭᠳᠠᠬᠤ ᠬᠠᠤᠯᠢ ᠲᠦᠷᠢᠮ ᠤᠨ ᠤᠬᠠᠭᠤᠯᠭ᠎ᠠ ᠶᠢ ᠦᠷᠨᠢᠬᠦᠯᠦᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠶᠢᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠬᠠᠷᠢᠶᠠᠲᠤ ᠨᠠᠷ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠠᠰᠠᠭᠤᠯᠲᠠ ᠬᠠᠷᠢᠭᠤᠯᠲᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ ᠳᠡᠪᠲᠡᠷ ᠲᠠᠷᠬᠠᠭᠠᠪᠠ᠃ ᠬᠠᠷᠢᠶᠠᠲᠤ ᠨᠠᠷ ᠤᠨ ᠰᠠᠨᠠᠭᠠᠰᠢᠷᠠᠵᠤ ᠵᠤᠪᠠᠵᠤ ᠰᠠᠨᠠᠵᠤ ᠬᠦᠰᠡᠵᠦ ᠪᠠᠶᠢᠭ᠎ᠠ ᠠᠰᠠᠭᠤᠳᠠᠯ ᠳᠤ ᠢᠮᠠᠭᠲᠠ ᠠᠩᠬᠠᠷᠤᠯ ᠢᠶᠠᠨ ᠲᠥᠪᠯᠡᠷᠡᠭᠦᠯᠵᠦ᠂ ᠲᠡᠳᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ ᠲᠤᠰᠬᠠᠵᠤ᠂ ᠬᠠᠷᠢᠶᠠᠲᠤ ᠨᠠᠷ ᠢ ᠬᠠᠪᠰᠤᠷᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠢᠬᠦ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠤᠯᠠᠮᠵᠢᠯᠠᠨ᠂ ᠬᠠᠷᠢᠶᠠᠲᠤ ᠨᠠᠷ  ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠠ  ᠨᠡᠶᠢᠬᠡᠮ ᠤᠨ ᠬᠠᠶᠢᠷ᠎ᠠ ᠬᠠᠯᠠᠮᠵᠢ ᠶᠢᠨ ᠦᠢᠯᠡᠰ ᠲᠤ ᠢᠳᠡᠪᠬᠢᠳᠡᠢ ᠤᠷᠤᠯᠴᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠶᠢ ᠲᠠᠶᠢᠴᠢᠯᠠᠨ ᠠᠬᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号