ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/5/20
  5 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠡᠭᠰᠡᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠬᠤᠶᠠᠷ ᠶᠡᠭᠡ ᠶᠠᠪᠤᠳᠠᠯ ᠢ ᠰᠠᠶᠢᠨ ᠬᠢᠬᠦ ᠪᠠ ᠰᠢᠨ᠎ᠡ ᠵᠠᠮ ᠨᠡᠭᠡᠭᠡᠬᠦ᠂ ᠳᠤᠮᠳᠠ  ᠲᠦᠪᠰᠢᠨ ᠳᠤ ᠬᠦᠷᠬᠦ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠰᠢᠨ᠎ᠡ ᠴᠠᠭ ᠦᠶ᠎ᠡ ᠶᠢᠨ ︽ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠬᠤ ᠮᠠᠯᠵᠢᠬᠤ ᠣᠷᠣᠨ᠂ ᠲᠠᠷᠢᠶᠠᠴᠢᠨ ᠮᠠᠯᠴᠢᠨ︾ ᠤ ᠠᠵᠢᠯ ᠤᠨ ᠶᠡᠷᠦᠩᠬᠡᠶ ᠭᠠᠷᠳᠠᠴᠠ ᠪᠣᠯᠭᠠᠵᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠭᠤᠤᠯᠳᠠᠯᠭ᠎ᠠ ᠲᠠᠢ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂  ᠦᠨᠡᠨ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ  ︽ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠬᠤ ᠮᠠᠯᠵᠢᠬᠤ ᠣᠷᠣᠨ᠂ ᠲᠠᠷᠢᠶᠠᠴᠢᠨ ᠮᠠᠯᠴᠢᠨ︾ ᠤ ᠠᠵᠢᠯ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠠᠬᠢᠭᠤᠯᠵᠤ ᠨᠠᠩ ᠶᠡᠭᠡ ᠦᠷ᠎ᠡ ᠪᠦᠲᠦᠮᠵᠢ ᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠠᠮᠢ ᠠᠬᠤᠢ ᠶᠢᠨ ᠤᠯᠠᠭᠠᠨ ᠱᠤᠭᠤᠮ ᠢ ᠭᠡᠷᠡᠭᠵᠢᠬᠦᠯᠬᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠵᠡᠷᠭᠡ ᠠᠵᠢᠯ ᠳᠤ ᠪᠠᠶᠢᠷᠢᠯᠠᠭᠤᠯᠤᠯᠳᠠ ᠬᠢᠵᠡᠢ᠃  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠣᠶ ᠰᠢᠭᠤᠶ ᠨᠤᠳᠤᠭ ᠪᠡᠯᠴᠢᠭᠡᠷ  ᠤᠨ ᠲᠤᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ  ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号