ᠲᠠᠶᠢᠹᠤᠰᠧ ᠬᠤᠰᠢᠭᠤ ᠰᠠᠨᠠᠯ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠲᠤᠰᠢᠶᠠᠨ ᠬᠦᠢᠴᠡᠳᠬᠡᠯᠬᠡᠬᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2024/5/20
  5 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠶᠢᠨ ᠶᠦᠩ ᠾᠧ 2024 ᠣᠨ ᠤ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠬᠦᠢᠴᠡᠳᠬᠡᠯᠬᠡᠬᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠤᠤ ᠯᠢᠨ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠢ ᠴᠧᠩ ᠭᠦᠸᠧ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠠᠵᠢᠯ ᠤᠨ ᠲᠤᠬᠠᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠬᠠᠷᠢᠭᠤᠴᠠᠨ ᠬᠦᠢᠴᠡᠳᠭᠡᠬᠦ ᠰᠠᠯᠠᠭ᠎ᠠ ᠮᠥᠴᠢᠷ   ᠨᠢ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠦᠨ᠂ ᠰᠠᠨᠠᠯ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ  ᠰᠠᠨᠠᠯ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠬᠦᠢᠴᠡᠳᠭᠡᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠩ ᠯᠠᠪᠳᠠᠭᠤᠨ ᠪᠠᠲᠤᠲᠠᠶ ᠠᠵᠢᠯ ᠤᠨ ᠰᠤᠷᠲᠠᠯ᠂ ᠨᠠᠩ ᠦᠷ᠎ᠡ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ 2024 ᠣᠨ ᠤ ᠠᠷᠠᠳ ᠤᠨ ᠲᠥᠯᠥᠭᠡᠯᠡᠭᠴᠢᠳ ᠤᠨ  ᠰᠠᠨᠠᠯ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠠᠵᠢᠯ ᠢ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号