ᠲᠠᠶᠢᠹᠤᠰᠧ ᠬᠤᠰᠢᠭᠤ ︽ᠵᠡᠮᠳᠡᠭᠴᠦᠳ ᠢ ᠲᠤᠰᠠᠯᠠᠬᠤ ᠡᠳᠦᠷ︾ ᠤᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/5/20
 5 ᠰᠠᠷ᠎ᠠ ᠶᠢᠨ 19 ᠤ ᠡᠳᠦᠷ ᠪᠣᠯ ᠭᠤᠴᠢᠨ ᠲᠦᠷᠪᠡᠳᠡᠬᠢ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠪᠣᠯᠤᠨ᠎ᠠ᠂  ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠪᠠᠷ ᠭᠤᠤᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠠᠷᠠᠳ ᠤᠨ ᠶᠠᠪᠤᠳᠠᠯ ᠤᠨ ᠲᠣᠪᠴᠢᠶ᠎ᠠ᠂  ᠠᠷᠠᠳ ᠤᠨ ᠡᠮᠨᠡᠯᠭᠡ ᠶᠢᠨ ᠬᠤᠷᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠵᠡᠮᠳᠡᠭᠴᠦᠳ ᠢ ᠲᠤᠰᠠᠯᠠᠬᠤ ᠡᠳᠦᠷ︾ ᠤᠨ ᠰᠢᠷᠢᠰ ᠠᠵᠢᠯᠯᠠᠭ᠎ᠠ ᠥᠷᠨᠢᠭᠦᠯᠵᠦ᠂ ᠵᠡᠮᠳᠡᠭᠴᠦᠳ ᠢ  ᠬᠠᠶᠢᠷᠠᠯᠠᠨ ᠬᠠᠯᠠᠮᠵᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃ ᠠᠬᠤᠢ ᠲᠠᠯᠠᠪᠠᠶ ᠳᠤ᠂ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠢᠷᠡᠵᠦ ᠶᠠᠪᠤᠭ᠎ᠠ ᠣᠯᠠᠨ ᠲᠦᠮᠡᠨ ᠳᠤ ᠵᠡᠮᠳᠡᠭ ᠢ ᠰᠡᠷᠭᠡᠶᠢᠯᠡᠬᠦ ᠪᠠ ᠡᠷᠡᠭᠦᠯᠵᠢᠭᠦᠯᠬᠦ ᠮᠡᠳᠡᠯᠭᠡ ᠵᠢᠴᠢ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠡᠶᠢᠬᠡᠮ ᠨᠡᠶᠢᠲᠡ ᠪᠠᠷ ᠢᠶᠠᠨ ᠵᠡᠮᠳᠡᠭ ᠬᠥᠮᠦᠰ ᠢ ᠬᠠᠶᠢᠷᠠᠯᠠᠵᠤ ᠬᠠᠯᠠᠮᠵᠢᠯᠠᠬᠤ ᠶᠢ ᠤᠷᠢᠶᠠᠯᠠᠭᠰᠠᠨ ᠪᠠᠶᠢᠨ᠎ᠠ᠃  ᠠᠷᠠᠳ ᠤᠨ ᠡᠮᠨᠡᠯᠭᠡ ᠶᠢᠨ ᠬᠤᠷᠢᠶᠠᠨ ᠤ ᠬᠢᠨ ᠠᠬᠤᠢ ᠲᠠᠯᠠᠪᠠᠢ ᠳᠤ ᠠᠯᠪᠠᠨ ᠵᠢᠷᠤᠮ ᠤᠨ ᠡᠮᠴᠢᠯᠡᠭᠡ ᠬᠢᠵᠦ᠂  ᠡᠪᠡᠳᠴᠢᠨ ᠤᠨᠤᠰᠢᠯᠠᠬᠤ᠂ ᠴᠢᠰᠤᠨ ᠳᠠᠷᠤᠯᠲᠠ ᠬᠡᠮᠵᠢᠬᠦ ᠵᠡᠷᠭᠡ ᠦᠨ᠎ᠡ ᠲᠦᠯᠦᠪᠦᠷᠢ ᠥᠬᠡᠶ ᠦᠢᠯᠡᠴᠢᠯᠡᠭᠡ ᠶᠢ ᠬᠠᠩᠭᠠᠨ᠂ ᠵᠡᠮᠳᠡᠭᠴᠦᠳ ᠤᠨ ᠬᠤᠯᠪᠤᠭᠠᠨ ᠤ ᠬᠢᠨ ᠵᠡᠮᠳᠡᠭᠴᠤᠳ ᠤᠨ ᠭᠡᠷ ᠲᠤ ᠬᠦᠷᠴᠦ ᠬᠦᠷᠳᠦᠲᠦ ᠰᠠᠨᠳᠠᠯᠢ᠂ ᠲᠠᠶᠠᠭ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠲᠦᠭᠡᠭᠡᠭᠰᠡᠨ ᠪᠦᠭᠡᠳ 5 ᠡᠷᠦᠬᠡ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢ ᠪᠣᠯᠭᠤᠭᠠᠨ ᠲᠤᠬᠤᠨᠢᠭᠤᠯᠵᠠᠢ᠃ ᠡᠬᠦᠨ ᠤ ᠬᠠᠮᠳᠤ᠂ ᠵᠡᠮᠳᠡᠭᠴᠦᠳ ᠢ ᠵᠣᠬᠢᠶᠠᠨ ᠪᠠᠶᠢᠭᠤᠯᠵᠤ ᠪᠤᠤᠴᠠᠩ ᠪᠠᠯᠭᠠᠰᠤᠨ ᠤ ᠵᠢᠶᠠᠨ ᠰᠢᠩ ᠨᠡᠶᠢᠭᠡᠮ ᠲᠣᠭᠤᠷᠢᠭ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠲᠤᠭᠤᠷᠢᠭᠤᠯᠤᠭᠰᠠᠨ ᠪᠦᠭᠡᠳ ᠰᠣᠨᠢᠷᠬᠠᠯᠲᠤ ᠨᠠᠭᠠᠳᠤᠮ ᠲᠤᠭᠯᠠᠭᠠᠮ ᠢ ᠶᠠᠪᠤᠭᠳᠠᠭᠤᠯᠵᠤ᠂ ᠵᠡᠮᠳᠡᠭᠴᠦᠳ ᠤᠨ ᠰᠤᠶᠤᠯ ᠤᠶᠤᠨ ᠤ ᠠᠮᠢᠳᠤᠷᠠᠯ ᠢ   ᠪᠠᠶᠠᠯᠢᠬᠵᠢᠭᠤᠯᠤᠭᠠᠳ᠂ ᠨᠡᠩ ᠤᠯᠠᠨ ᠵᠡᠮᠳᠡᠭᠴᠦᠳ ᠢ ᠲᠠᠶᠢᠴᠢᠯᠠᠨ ᠬᠦᠳᠡᠯᠪᠦᠷᠢ ᠠᠵᠢᠯᠯᠠᠭ᠎ᠠ ᠳᠤ ᠤᠷᠤᠯᠴᠠᠭᠤᠯᠤᠨ᠂ ᠨᠡᠶᠢᠭᠡᠮ ᠨᠡᠶᠢᠳᠡ ᠳᠤ ᠠᠭᠤᠰᠤᠯᠴᠠᠭᠤᠯᠵᠤ᠂ ᠨᠠᠮ ᠵᠠᠰᠠᠭ ᠤᠨ ᠬᠠᠶᠢᠷ᠎ᠠ ᠬᠠᠯᠠᠮᠵᠢ ᠪᠠ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠬᠦᠯᠦᠭᠰᠡᠨ ᠪᠠᠶᠢᠨ᠎ᠠ᠃ ᠡᠨᠡ ᠤᠳᠠᠭᠠᠨ ᠤ ᠰᠢᠷᠢᠰ ᠠᠵᠢᠯᠯᠠᠭ᠎ᠠ ᠪᠠᠷ ᠲᠠᠮᠵᠢᠭᠠᠳ᠂  ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ  ᠪᠠ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢ ᠨᠡᠶᠢᠭᠡᠮ ᠨᠡᠶᠢᠲᠡ ᠳᠤ ᠨᠡᠩ ᠬᠦᠨᠵᠡᠬᠡᠢ ᠤᠶᠢᠯᠠᠭᠠᠭᠤᠯᠵᠤ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠬᠠᠯᠠᠮᠵᠢᠯᠠᠬᠤ᠂ ᠵᠡᠮᠳᠡᠭᠴᠦᠳ ᠤᠨ ᠦᠢᠯᠡᠰ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号