ᠲᠠᠶᠢᠹᠤᠰᠧ ᠬᠤᠰᠢᠭᠤᠨ ᠤ 13.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠯᠠᠪᠳᠠᠭᠤᠨ ᠢᠶᠠᠷ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2024/5/20
 ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠪᠣᠯ ᠲᠠᠷᠢᠮᠠᠯ ᠤᠨ ᠤᠨᠠᠯᠲᠠ ᠭᠠᠷᠤᠯᠳᠠ ᠶᠢ ᠪᠠᠳᠤᠯᠠᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ  ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ᠡᠷᠲᠡ ᠠᠴᠠ ᠠᠷᠭ᠎ᠠ ᠰᠦᠪᠡᠭᠴᠢᠯᠡᠨ᠂ ᠠᠵᠢᠯ ᠢ ᠨᠠᠷᠢᠨ ᠨᠢᠬᠳᠠ ᠪᠠᠶᠢᠷᠢᠯᠠᠭᠤᠯᠵᠤ᠂ ᠠᠯᠬᠤᠮ ᠳᠠᠷᠠᠭ᠎ᠠ ᠲᠠᠢ ᠠᠬᠢᠭᠤᠯᠤᠨ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠪᠤᠢ᠃ ᠣᠶᠢᠷ᠎ᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠶᠢᠨ ᠠᠬᠤᠢ ᠲᠤᠬᠠᠢ ᠶᠢᠨ ᠲᠠᠯᠠᠪᠠᠢ ᠳᠤ ᠬᠦᠷᠬᠦ ᠳᠤ᠂ ᠭᠤᠤ ᠰᠤᠪᠠᠭ ᠮᠠᠯᠲᠠᠬᠤ᠂  ᠲᠤᠤᠷ ᠬᠤᠭᠤᠯᠠᠢ ᠵᠠᠯᠭᠠᠬᠤ ᠵᠡᠷᠭᠡ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠭ᠎ᠠ ᠬᠠᠷᠠᠭᠳᠠᠨ᠎ᠠ᠃ ᠣᠶᠢᠯᠠᠭᠠᠭᠰᠠᠨ ᠢᠶᠠᠷ᠂ 2024 ᠣᠨ ᠳᠤ ᠲᠠᠶᠢᠹᠤᠰᠧ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ   ᠪᠠᠶᠢᠭᠤᠯᠤᠯᠲᠠ ᠶᠢᠨ ᠲᠠᠯᠠᠪᠠᠢ 13.5 ᠲᠦᠮᠡᠨ ᠮᠦ᠂  ᠶᠡᠷᠦᠩᠬᠡᠶ ᠪᠠᠯᠠ ᠣᠷᠣᠭᠤᠯᠤᠯᠲᠠ 35042.5 ᠲᠦᠮᠡᠨ ᠲᠥᠭᠦᠷᠢᠭ ᠲᠤ ᠬᠦᠷᠴᠦ᠂ 6 ᠰᠢᠶᠠᠩ ᠪᠠᠯᠭᠠᠰᠤᠨ ᠤ 58 ᠲᠣᠰᠬᠤᠨ ᠢ ᠬᠠᠮᠤᠷᠴᠤ᠂ 83 ᠡᠷᠦᠬᠡ ᠳᠤ ᠠᠰᠢᠭ ᠬᠦᠷᠳᠡᠬᠡᠬᠦ ᠪᠠᠷ ᠲᠦᠯᠦᠪᠯᠡᠵᠡᠢ᠃ ᠡᠭᠦᠨ ᠳᠤ ᠰᠢᠨ᠎ᠡ ᠪᠷ ᠪᠠᠶᠢᠭᠤᠯᠬᠤ ᠨᠢ 11.5 ᠲᠦᠮᠡᠨ ᠮᠦ᠂ ᠦᠬᠡᠷᠡᠴᠢᠯᠡᠨ ᠰᠠᠶᠢᠵᠢᠷᠠᠭᠤᠯᠬᠤ ᠨᠢ 2 ᠲᠦᠮᠡᠨ ᠮᠦ᠃ ᠲᠤᠰ ᠬᠤᠰᠢᠭᠤ  ᠨᠢ ᠲᠤᠭ᠎ᠠ ᠬᠡᠮᠵᠢᠶ᠎ᠡ᠂ ᠶᠠᠰᠤ ᠴᠢᠨᠠᠷ ᠪᠠ ᠠᠮᠢ ᠠᠬᠤᠢ ᠶᠢ  ᠪᠠᠳᠤᠯᠠᠬᠤ ᠱᠠᠭᠠᠷᠳᠠᠯᠭ᠎ᠠ ᠪᠣᠯᠤᠨ ︽ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ ᠶᠡᠷᠦᠩᠬᠡᠶᠢᠯᠡᠨ ᠵᠠᠰᠠᠬᠤ︾ ᠵᠠᠷᠴᠢᠮ ᠶᠣᠰᠣᠭᠠᠷ᠂  ᠵᠠᠯᠭᠠᠵᠤ ᠲᠦᠪᠯᠡᠷᠡᠬᠦᠯᠬᠦ᠂  ᠭᠠᠩ ᠬᠠᠭᠰᠠᠷᠭᠠᠨ ᠦᠶᠡᠷ ᠤᠰᠤᠳᠠᠯ ᠠᠴᠠ ᠰᠡᠷᠭᠡᠶᠢᠯᠡᠬᠦ᠂ ᠤᠰᠤ ᠠᠷᠪᠢᠯᠠᠬᠤ᠂ ᠤᠨᠠᠯᠲᠠ ᠨᠡᠮᠡᠭᠳᠡᠬᠦᠯᠬᠦ᠂ ᠠᠮᠢ ᠠᠬᠤᠢ ᠶᠢ ᠬᠠᠮᠠᠭᠠᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠪᠠᠷ ᠬᠠᠷᠠᠯᠲᠠ ᠪᠣᠯᠭᠠᠨ᠂  ᠤᠰᠤ ᠵᠠᠮ ᠴᠠᠬᠢᠯᠭᠠᠨ ᠤ ᠢᠵᠢ ᠪᠦᠷᠢᠳᠦᠭᠰᠡᠨ ᠪᠠᠶᠢᠭᠤᠯᠤᠯᠳᠠ ᠶᠢ  ᠠᠬᠢᠭᠤᠯᠵᠤ᠂ ᠤᠳᠤ ᠪᠣᠯᠲᠠᠯ᠎ᠠ  5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 5 ᠮᠢᠩᠭ᠎ᠠ ᠭᠠᠷᠤᠶ ᠮᠥ ᠶᠢ ᠦᠬᠡᠷᠡᠴᠢᠯᠡᠨ ᠰᠠᠶᠢᠵᠢᠷᠠᠭᠤᠯᠤᠭᠠᠳ ᠪᠠᠶᠢᠨ᠎ᠠ᠃  ᠤᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ᠤᠯᠤᠰ ᠤᠨ ᠴᠢᠬᠤᠯᠠ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ  ᠪᠦᠲᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠦ᠂ ᠬᠠᠮᠢᠶᠠᠷᠤᠯᠳᠠ ᠶᠢᠨ ᠲᠣᠭᠲᠠᠴᠠ ᠶᠢ ᠲᠡᠬᠦᠯᠳᠡᠷᠵᠢᠬᠦᠯᠦᠨ᠂ ᠲᠠᠷᠢᠶᠠᠯᠠᠩ ᠤᠨ ᠮᠡᠷᠭᠡᠵᠢᠯ ᠢ ᠲᠡᠯᠬᠡᠷᠡᠬᠦᠯᠵᠦ᠂  ᠦᠢᠯᠡᠳᠪᠦᠷᠢᠯᠡᠯ ᠤᠨ ᠨᠥᠬᠦᠴᠡᠯ ᠢ ᠠᠯᠬᠤᠮ ᠠᠯᠬᠤᠮ ᠢᠶᠠᠷ  ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠰᠠᠭᠤᠷᠢ  ᠲᠦᠬᠦᠭᠡᠷᠦᠮᠵᠢ ᠶᠢ ᠰᠢᠯᠢᠳᠡᠭᠵᠢᠬᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠮᠤ ᠪᠤᠳᠠᠭᠠᠨ ᠤ ᠭᠠᠷᠤᠯᠲᠠ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠳᠤ ︽ᠬᠦᠴᠦᠨ ᠴᠢᠳᠠᠯ ᠬᠤᠷᠠᠮᠳᠤᠭᠤᠯᠵᠠᠢ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号