ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/20
  5 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠠᠰᠠᠭ ᠵᠠᠬᠢᠷᠭᠠᠨ ᠤ ᠲᠥᠪ ᠲᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠡᠷᠭᠢᠯᠡᠵᠦ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠮᠢᠩᠭᠠᠨ ᠲᠦᠮᠡ ᠶᠢᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ ᠪᠠ ᠠᠵᠢᠯᠯᠠᠬᠤ ᠠᠷᠭ᠎ᠠ ᠠᠬᠢᠭᠤᠯᠬᠤ ᠲᠣᠭᠲᠠᠴᠠ ᠶᠢ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠲᠠᠶᠢᠹᠤᠰᠧ ᠬᠤᠰᠢᠭᠤᠨ ᠤ ᠪᠠᠨ ᠪᠣᠳᠠᠲᠠᠢ ᠠᠴᠠ ᠡᠬᠦᠰᠦᠨ᠂ ᠲᠡᠷᠢᠭᠦᠨ ᠤ ᠠᠷᠭ᠎ᠠ ᠲᠤᠷᠰᠢᠯᠭ᠎ᠠ ᠪᠤᠯᠤᠨ ᠮᠠᠨ ᠤ ᠬᠤᠰᠢᠭᠤᠨ ᠤ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠤᠷᠤᠨ  ᠲᠠᠷᠢᠶᠠᠴᠢᠨ ᠮᠠᠯᠴᠢᠨ︾ ᠤ ᠠᠵᠢᠯ ᠤᠨ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠯᠠ ᠮᠥᠩᠭᠦ ᠶᠢ ᠬᠡᠷᠡᠭᠯᠡᠬᠦ ᠲᠥᠯᠥᠪᠯᠡᠭᠡ ᠶᠣᠰᠣᠭᠠᠷ᠂ ᠲᠥᠷᠥᠯ ᠵᠦᠢᠯ ᠤᠨ ᠪᠣᠳᠠᠲᠠᠶ ᠲᠠᠢ ᠤᠶᠠᠯᠳᠤᠭᠤᠯᠤᠨ᠂ ᠲᠥᠷᠥᠯ ᠵᠦᠢᠯ ᠢ ᠬᠡᠷᠡᠭᠵᠢᠭᠦᠯᠬᠦ ᠠᠯᠬᠤᠮ ᠳᠠᠷᠠᠭ᠎ᠠ᠂ ᠡᠬᠦᠷᠭᠡ ᠬᠠᠷᠠᠯᠲᠠ ᠵᠡᠷᠭᠡ ᠶᠢ ᠤᠯᠠᠮ ᠲᠣᠳᠣᠷᠬᠠᠶᠢᠯᠠᠵᠤ᠂ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠬᠤ  ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ︽ᠲᠠᠶᠢᠹᠤᠰᠧ ᠬᠤᠰᠢᠭᠤᠨ ᠤ ︿ᠵᠠᠭᠤᠨ ᠲᠣᠰᠬᠤᠨ ᠢᠶᠠᠷ ᠵᠢᠱᠢᠶ᠎ᠡ ᠦᠵᠡᠬᠦᠯᠵᠦ᠂ ᠮᠢᠩᠭᠠᠨ ᠲᠣᠰᠬᠤᠨ ᠢ ᠴᠡᠭᠴᠡᠯᠡᠨ ᠵᠠᠰᠠᠬᠤ﹀ ᠠᠵᠢᠯᠯᠠᠭᠠᠨ ᠤ ᠲᠦᠰᠦᠪ ︵2021 — 2027 ᠣᠨ︶ ︵ᠰᠠᠨᠠᠯ ᠬᠤᠷᠢᠶᠠᠬᠤ ᠨᠣᠣᠷᠠᠭ︶︾᠂ ︽ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠯᠲᠠ ᠶᠢᠨ ᠠᠵᠢᠯ ᠤᠨ ᠬᠢᠨᠠᠨ ᠰᠢᠯᠭᠠᠬᠤ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠶᠢ ᠲᠤᠭᠤᠷᠪᠢᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ︽ᠲᠠᠶᠢᠹᠤᠰᠧ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︿ᠡᠷᠬᠢᠨ ᠬᠠᠷᠠᠬᠤ﹀ ᠲᠤᠰᠬᠠᠢ ᠠᠵᠢᠯᠯᠠᠭᠠᠨ ᠤ ᠲᠦᠰᠦᠪ︾ ᠲᠤ ᠲᠠᠶᠢᠯᠤᠮᠵᠢ ᠬᠢᠵᠡᠢ᠃  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号