ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ ᠦᠶᠡᠷ ᠰᠡᠷᠭᠡᠶᠢᠯᠡᠬᠦ ᠴᠢᠳᠠᠪᠤᠷᠢ ᠶᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/5/20
  ᠲᠠᠪᠤᠳᠤᠭᠠᠷ ᠰᠠᠷ᠎ᠠ ᠪᠤᠯ ᠲᠦᠷᠦᠯ ᠵᠦᠢᠯ ᠤᠨ ᠪᠠᠶᠢᠭᠤᠯᠤᠯᠲᠠ ᠶᠢᠨ ᠬᠠᠮᠤᠭ ᠤᠨ ᠰᠠᠶᠢᠨ ᠴᠠᠭ ᠦᠶ᠎ᠡ ᠪᠣᠯᠤᠨ᠎ᠠ᠃ ᠣᠶᠢᠷ᠎ᠠ ᠳᠤ᠂ ᠪᠤᠤᠴᠠᠩ ᠪᠠᠯᠭᠠᠰᠤᠨ ᠤ ᠬᠦᠩ ᠶᠧ ᠵᠡᠭᠡᠯᠢ᠂ ᠵᠧᠨ ᠰᠢᠩ ᠵᠡᠭᠡᠯᠢ᠂ ᠴᠤᠸᠠᠩ ᠶᠧ ᠵᠠᠮ ᠤᠨ ᠤᠰᠤ  ᠵᠠᠯᠠᠵᠤ ᠦᠶᠡᠷ ᠰᠡᠷᠭᠡᠶᠢᠯᠡᠬᠦ ᠢᠨᠵᠧᠨᠧᠷᠢᠩ ᠪᠠ ᠬᠤᠰᠢᠭᠤ ᠲᠣᠭᠤᠷᠢᠭ ᠤᠨ ᠠᠭᠤᠯᠠᠨ ᠦᠶᠡᠷ ᠰᠡᠷᠭᠡᠶᠢᠯᠡᠬᠦ ᠢᠨᠵᠧᠨᠧᠷᠢᠩ ᠡᠮᠬᠢ ᠵᠢᠷᠤᠮ ᠲᠠᠢ ᠶᠠᠪᠤᠭᠳᠠᠨ᠎ᠠ᠃ ᠰᠤᠷᠪᠤᠯᠵᠢᠯᠠᠭᠴᠢ ᠬᠦᠩ ᠶᠧ ᠵᠡᠭᠡᠯᠢ ᠶᠢᠨ ᠤᠰᠤ ᠵᠠᠯᠠᠵᠤ ᠦᠶᠡᠷ ᠰᠡᠷᠭᠡᠶᠢᠯᠡᠬᠦ ᠢᠨᠵᠧᠨᠧᠷᠢᠩ ᠤᠨ ᠠᠬᠤᠢ ᠲᠠᠯᠠᠪᠠᠶ ᠳᠤ ᠬᠦᠷᠬᠦ ᠳᠤ ᠠᠷᠪᠠᠭᠠᠳ ᠠᠵᠢᠯᠴᠢᠨ ᠶᠠᠭ ᠰᠣᠪᠠᠭ ᠮᠠᠯᠳᠠᠵᠤ ᠬᠤᠭᠤᠯᠠᠢ ᠤᠭᠰᠠᠷᠠᠬᠤ ᠠᠵᠢᠯ ᠢ ᠱᠠᠯᠠᠪᠳᠠᠨ ᠬᠢᠵᠦ ᠪᠠᠶᠢᠯ᠎ᠠ᠃ ᠬᠠᠷᠢᠭᠤᠴᠠᠯᠭᠠᠲᠠᠨ ᠸᠠᠩ ᠰᠢᠤ ᠮᠧᠶ ᠶᠢᠨ ᠲᠠᠨᠢᠯᠴᠠᠭᠤᠯᠬᠤ ᠪᠠᠷ᠂  ᠡᠨᠡ ᠵᠢᠯ ᠤᠨ ᠤᠰᠤ ᠵᠠᠯᠠᠵᠤ ᠦᠶᠡᠷ ᠰᠡᠷᠭᠡᠶᠢᠯᠡᠬᠦ ᠢᠨᠵᠧᠨᠧᠷᠢᠩ ᠳᠤ ᠨᠡᠶᠢᠳᠡ 9.217 ᠺᠢᠯᠤᠮᠧᠲᠷ ᠤᠰᠤᠨ ᠬᠤᠭᠤᠯᠠᠶ ᠶᠢ ᠥᠭᠡᠷᠡᠴᠢᠯᠡᠨ ᠵᠠᠰᠠᠵᠦ᠂ 4 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠨ 10 ᠰᠠᠷ᠎ᠠ ᠳᠤ ᠲᠠᠭᠤᠰᠬᠠᠨ᠎ᠠ ᠬᠡᠨ᠎ᠡ᠃  ᠡᠭᠦᠨ ᠤ ᠵᠡᠷᠭᠡᠪᠡᠷ ᠬᠤᠰᠢᠭᠤ ᠲᠣᠭᠤᠷᠢᠭ ᠤᠨ ᠠᠭᠤᠯᠠᠨ ᠦᠶᠡᠷ ᠠᠴᠠ ᠰᠡᠷᠭᠡᠶᠢᠯᠡᠬᠦ ᠢᠨᠵᠧᠨᠧᠷᠢᠩ ᠢ ᠴᠤ  4 ᠰᠠᠷ᠎ᠠ ᠳᠤ ᠡᠬᠢᠯᠡᠭᠦᠯᠵᠦ 10 ᠰᠠᠷ᠎ᠠ ᠳᠤ ᠲᠠᠭᠤᠰᠬᠠᠬᠤ ᠶᠤᠮ ᠪᠠᠶᠢᠨ᠎ᠠ᠃      ᠭᠠᠵᠠᠷ ᠳᠣᠣᠷᠠᠬᠢ ᠲᠤᠤᠷ ᠬᠤᠭᠤᠯᠠᠶ ᠪᠣᠯ ᠬᠤᠲᠠ ᠪᠠᠯᠭᠠᠰᠤᠨ ᠤ ᠬᠡᠪ ᠤᠨ ᠠᠵᠢᠯᠯᠠᠭ᠎ᠠ ᠶᠢ ᠪᠠᠲᠤᠯᠠᠬᠤ ᠰᠠᠭᠤᠷᠢ ᠲᠦᠬᠦᠭᠡᠷᠦᠮᠵᠢ ᠪᠠ ᠠᠮᠢᠨ ᠰᠤᠳᠠᠰᠤ ᠪᠠᠶᠢᠵᠤ᠂ ᠬᠤᠲᠠ ᠪᠠᠯᠭᠠᠰᠤᠨ ᠤ ᠡᠷᠡᠭᠦᠯ ᠬᠦᠭᠵᠢᠯᠳᠡ ᠪᠠ ᠠᠷᠠᠳ ᠢᠷᠭᠡᠳ  ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ᠃ ᠡᠳᠡᠭᠡᠷ ᠲᠥᠷᠥᠯ ᠵᠦᠢᠯ ᠤᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠲᠠᠶᠢᠹᠤᠰᠧ ᠬᠤᠰᠢᠭᠤᠨ ᠤ ᠬᠤᠲᠠ ᠪᠠᠯᠭᠠᠰᠤᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠳᠤᠲᠠᠭᠤᠳᠠᠯ ᠢ ᠨᠥᠬᠦᠪᠥᠷᠢᠯᠡᠵᠦ᠂ ᠦᠶᠡᠷ ᠤᠰᠤᠲᠤᠯ ᠤᠨ ᠠᠶᠤᠯ ᠭᠠᠮᠰᠢᠭ ᠢ ᠪᠠᠭᠠᠰᠬᠠᠨ᠂ ᠭᠠᠮᠰᠢᠭ ᠠᠴᠠ ᠰᠡᠷᠭᠡᠶᠢᠯᠡᠬᠦ ᠴᠢᠳᠠᠪᠤᠷᠢ ᠶᠢ ᠲᠡᠭᠡᠭᠰᠢᠯᠡᠬᠦᠯᠬᠦ ᠨᠢ ᠲᠠᠮᠵᠢᠭ ᠦᠬᠡᠢ᠃ ᠡᠨᠡ   ᠨᠢ ᠮᠥᠨ ᠴᠦ ᠲᠠᠶᠢᠹᠤᠰᠧ ᠬᠤᠰᠢᠭᠤᠨ ᠤ ᠪᠣᠳᠠᠲᠠᠶ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠨ ᠬᠢᠬᠦ ᠠᠷᠭ᠎ᠠ ᠪᠤᠳᠤᠯᠭ᠎ᠠ ᠶᠢᠨ ᠨᠢᠭᠡ ᠪᠣᠯᠤᠨ᠎ᠠ᠃ ︽ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠨᠢ ᠡᠭᠦᠷᠭᠡ ᠬᠠᠷᠠᠯᠲᠠ  ᠪᠠᠨ ᠲᠣᠳᠣᠷᠬᠠᠶᠢᠯᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠳᠤᠯᠠᠨ᠂  ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ︾ ᠬᠡᠵᠦ ᠬᠤᠰᠢᠭᠤᠨ ᠤ ᠬᠤᠲᠠ ᠬᠥᠳᠡᠭᠡ ᠶᠢᠨ ᠣᠷᠣᠨ ᠰᠠᠭᠤᠴᠠ ᠶᠢᠨ ᠪᠠᠳᠤᠯᠠᠭᠠᠨ ᠤ ᠲᠥᠪ ᠤᠨ ᠳᠡᠳ᠋ ᠡᠷᠬᠢᠯᠡᠭᠴᠢ ᠯᠸᠢ ᡁᠢ ᠹᠸᠢ ᠢᠯᠡᠷᠭᠡᠶᠢᠯᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号