ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠤᠭᠯᠠᠭᠤᠯᠬᠤ ᠲᠤᠬᠠᠢ ᠲᠤᠳᠤᠭᠠᠳᠤ ᠶᠢ ᠬᠠᠮᠠᠭᠠᠯᠬᠤ ᠲᠤᠪᠴᠢᠶᠠᠨ ᠤ ᠵᠠᠷᠯᠠᠯ
ᠨᠡᠶᠢᠲᠡᠯᠡᠭᠰᠡᠨ ᠴᠠᠭ᠄
2024/5/20
  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠨᠢ ᠬᠤᠩ ᠴᠢ ᠪᠠᠯᠭᠠᠰᠤᠨ ᠤ ᠰᠢᠦᠢ ᠵᠢᠶᠦ᠋ᠨ᠂ ᠰᠥᠩ ᠵᠢᠶᠠ ᡁᠢ ᠵᠡᠷᠭᠡ ᠬᠥᠮᠦᠰ ᠤᠨ ᠬᠦᠮᠦᠨ ᠴᠤᠭᠯᠠᠭᠤᠯᠵᠤ ᠮᠦᠷᠦᠢ ᠲᠠᠢ ᠲᠤᠭᠯᠠᠭᠠᠮ ᠬᠢᠭᠰᠡᠨ ᠬᠡᠷᠡᠭ  ᠢ  ᠪᠠᠶᠢᠴᠠᠭᠠᠨ ᠢᠯᠡᠷᠡᠬᠦᠯᠦᠭᠡᠳ᠂  ᠭᠡᠷᠡᠭᠳᠡᠨ ᠰᠢᠤᠢ ᠵᠢᠶᠦ᠋ᠨ᠂ ᠰᠥᠩ ᠵᠢᠶᠠ ᡁᠢ ᠶᠢ ᠨᠢᠬᠡᠨᠳᠡ ᠬᠠᠤᠯᠢ ᠶᠤᠰᠤᠭᠠᠷ ᠪᠠᠷᠢᠪᠴᠢᠯᠠᠵᠠᠢ᠃ ᠰᠢᠤᠢ ᠵᠢᠶᠦ᠋ᠨ᠂ ᠰᠥᠩ ᠵᠢᠶᠠ ᡁᠢ ᠶᠢᠨ ᠬᠠᠤᠯᠢ ᠵᠥᠷᠢᠴᠡᠵᠦ ᠶᠠᠯ᠎ᠠ ᠬᠢᠭᠰᠡᠨ ᠪᠣᠳᠠᠲᠤ ᠶᠠᠪᠤᠳᠠᠯ ᠢ ᠲᠦᠢᠯᠪᠤᠷᠢᠲᠠᠶ ᠪᠠᠶᠢᠴᠠᠭᠠᠨ ᠲᠣᠳᠣᠯᠠᠬᠤ ᠶᠢᠨ ᠲᠥᠯᠥᠭᠡ ᠡᠳᠦᠬᠡ ᠨᠡᠶᠢᠭᠡᠮ ᠨᠡᠶᠢᠲᠡ ᠠᠴᠠ ᠰᠢᠤᠢ ᠵᠢᠶᠦ᠋ᠨ᠂ ᠰᠥᠩ ᠵᠢᠶᠠ ᡁᠢ ᠶᠢᠨ ᠬᠠᠤᠯᠢ ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠢᠯᠡ ᠪᠠᠷ ᠴᠤᠭᠯᠠᠭᠤᠯᠵᠤ ᠪᠤᠢ᠃   ᠨᠢᠭᠡ᠂ ᠰᠢᠤᠢ ᠵᠢᠶᠦ᠋ᠨ᠂ ᠰᠥᠩ ᠵᠢᠶᠠ ᡁᠢ ᠶᠢᠨ ᠬᠠᠤᠯᠢ ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠮᠡᠳᠡᠬᠦ ᠬᠤᠤᠷᠯᠠᠯ ᠠᠮᠰᠠᠭᠴᠢ ᠪᠤᠶᠤ ᠪᠤᠰᠤᠳ ᠬᠦᠮᠦᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠦᠪᠡᠭᠴᠢ ᠪᠤᠶᠤ ᠭᠡᠷᠡᠴᠢ ᠪᠠᠷᠢᠮᠲᠠ ᠶᠢ ᠬᠠᠩᠭᠠᠬᠤ ᠪᠤᠯᠪᠠᠤ᠃   ᠬᠤᠶᠠᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠢᠭᠤᠴᠠ ᠶᠢ ᠴᠢᠩᠭ᠎ᠠ ᠬᠠᠮᠠᠭᠠᠯᠠᠵᠤ᠂  ᠢᠯᠡᠴᠢᠯᠡᠨ ᠮᠡᠳᠡᠭᠦᠯᠦᠭᠴᠢ᠂ ᠬᠤᠤᠷᠯᠠᠯ ᠠᠮᠰᠠᠭᠴᠢ ᠪᠠ ᠭᠡᠷᠡᠴᠢᠯᠡᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠬᠠᠤᠯᠢ ᠵᠥᠷᠢᠴᠡᠭᠰᠡᠨ ᠶᠠᠯᠠᠲᠤ ᠡᠲᠡᠭᠡᠳ ᠢ ᠥᠮᠥᠭᠯᠡᠨ ᠬᠠᠮᠠᠭᠠᠯᠠᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠢᠯᠡᠴᠢᠯᠡᠨ ᠮᠡᠳᠡᠭᠦᠯᠦᠭᠴᠢ᠂ ᠬᠤᠤᠷᠯᠠᠯ ᠠᠮᠰᠠᠭᠴᠢ ᠪᠠ ᠭᠡᠷᠡᠴᠢᠯᠡᠭᠴᠢ ᠳᠤ ᠦᠰ ᠪᠤᠳᠤᠵᠤ ᠲᠡᠳᠡᠨ ᠢ ᠠᠶᠤᠯᠭᠠᠨ ᠰᠦᠷᠳᠡᠬᠦᠯᠦᠭᠰᠡᠨ ᠪᠤᠯ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃   ᠢᠯᠡᠴᠢᠯᠡᠨ ᠮᠡᠳᠡᠭᠦᠯᠬᠦ ᠤᠲᠠᠰᠤ᠄   15249558777    16614791519    16648994006
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号