ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/5/20
 5 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠬᠤᠷᠠᠯ ᠳᠤ ᠤᠷᠤᠯᠴᠠᠬᠤ ᠶᠤᠰᠤᠳᠠᠢ ᠲᠥᠯᠥᠭᠡᠯᠡᠭᠴᠢ 82 ᠬᠥᠮᠦᠨ᠂ ᠪᠣᠳᠠᠲᠠᠢ ᠣᠷᠣᠯᠴᠠᠭᠰᠠᠨ ᠨᠢ 71 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠵᠡᠢ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠱᠸᠤ ᠴᠢᠶᠠᠩ ᠬᠤᠷᠠᠯ ᠡᠬᠢᠯᠡᠬᠦᠯᠬᠦ ᠶᠠᠷᠢᠶᠠᠨ  ᠳᠠᠭᠠᠨ᠂ ᠡᠨᠡ ᠤᠳᠠᠭᠠᠨ ᠤ ᠶᠡᠭᠡ ᠬᠤᠷᠠᠯ ᠤᠨ ᠭᠤᠤᠯ ᠡᠭᠦᠷᠭᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠂ ︽ᠬᠤᠶᠠᠷ ᠢ ᠲᠤᠭᠳᠠᠭᠠᠭᠰᠠᠨ︾ ᠢ ᠡᠷᠡᠰ  ᠬᠦᠷᠢᠶᠡᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠯᠠᠩᠭᠤᠶ᠎ᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠭᠦᠨᠵᠡᠭᠡᠶ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠨᠠᠮ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠰᠤᠳᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠲᠠᠶᠢᠴᠢᠯᠠᠵᠤ᠂ ᠴᠤᠭ ᠰᠦᠯᠳᠡ ᠪᠠᠨ ᠪᠠᠳᠠᠷᠠᠭᠤᠯᠤᠨ ᠪᠥᠬᠦ ᠬᠦᠴᠦᠨ ᠢᠶᠠᠷ  ᠪᠦᠯᠬᠦᠮᠳᠡᠨ ᠲᠡᠮᠡᠴᠡᠵᠦ᠂  ᠬᠤᠩ ᠴᠢ ᠪᠠᠯᠭᠠᠰᠤᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠠᠪᠤᠳᠠᠯ ᠪᠣᠯᠤᠨ᠎ᠠ᠃ ᠬᠤᠷᠠᠯ ᠳᠤ ᠤᠷᠤᠯᠴᠠᠭᠰᠠᠨ ᠲᠥᠯᠥᠭᠡᠯᠡᠭᠴᠢᠳ ᠡᠷᠭᠡᠪᠰᠢ ᠪᠥᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠥᠪᠡᠷ ᠤᠨ ᠦᠩᠭᠡ ᠭᠡᠷᠡᠯᠳᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠰᠠᠶᠢᠨ ᠭᠦᠢᠴᠡᠳᠬᠡᠵᠦ᠂ ᠥᠪᠡᠷ ᠤᠨ ᠠᠷᠠᠳᠴᠢᠯᠠᠯ ᠤᠨ ᠡᠷᠬᠡ ᠪᠠᠨ ᠵᠥᠪ ᠢᠶᠠᠷ ᠭᠡᠷᠡᠭᠵᠢᠬᠦᠯᠦᠨ᠂ ᠡᠨᠡ ᠤᠳᠠᠭᠠᠨ ᠤ ᠶᠡᠭᠡ ᠬᠤᠷᠠᠯ ᠢ ᠰᠡᠳᠬᠢᠯ ᠬᠦᠴᠦ ᠶᠢ ᠬᠠᠮᠲᠤᠳᠬᠠᠵᠤ ᠢᠳᠡᠭᠡᠯ ᠵᠤᠷᠢᠭ ᠢ ᠲᠠᠶᠢᠴᠢᠯᠠᠭᠰᠠᠨ ᠶᠡᠭᠡ ᠬᠤᠷᠠᠯ ᠪᠤᠯᠭᠠᠵᠤ ᠬᠤᠷᠠᠯᠳᠤᠭᠤᠯᠬᠤ ᠶᠢ ᠬᠦᠰᠡᠵᠦ ᠪᠠᠶᠢᠨ᠎ᠠ ᠭᠡᠪᠡ᠃ ᠨᠠᠮ ᠤᠨ ᠬᠤᠷᠢᠶᠠᠨ ᠤ ᠱᠦᠵᠢ ᠰᠦᠨ ᠬᠠᠢ ᠹᠧᠩ   ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠭᠡᠯ ᠬᠢᠵᠡᠢ᠃ ᠢᠯᠡᠳᠬᠡᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠢ ᠰᠠᠶᠢᠲᠤᠷ ᠠᠳᠬᠤᠵᠤ᠂ ᠤᠯᠤᠰ ᠲᠦᠷᠦ ᠶᠢᠨ ᠰᠤᠷᠤᠯᠴᠠᠯᠭ᠎ᠠ ᠶᠢ ᠪᠣᠳᠠᠲᠠᠢ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢ ᠪᠠᠲᠤ ᠠᠳᠬᠤᠬᠤ ᠬᠡᠷᠡᠭᠲᠡᠢ᠃ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠡᠭᠦᠷᠭᠡ  ᠶᠢ ᠨᠠᠷᠢᠯᠢᠭᠵᠢᠭᠤᠯᠬᠤ ᠶᠢᠨ ᠬᠠᠮᠲᠤ᠂ ᠡᠯ᠎ᠡ ᠲᠣᠰᠬᠤᠨ ᠤ ᠠᠵᠢᠯ ᠤᠨ ᠪᠣᠳᠠᠲᠤ ᠪᠦᠲᠦᠮᠵᠢ ᠲᠠᠢ ᠤᠶᠠᠯᠳᠤᠭᠤᠯᠤᠨ᠂ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠢ ᠪᠤᠳᠠᠳᠠᠢ ᠪᠦᠭᠡᠳ ᠨᠠᠷᠢᠯᠢᠭ ᠨᠠᠶᠢᠳᠠᠪᠤᠷᠢᠵᠢᠭᠤᠯᠤᠨ᠂ ᠬᠦᠮᠦᠨ ᠤ ᠰᠡᠳᠬᠢᠯ ᠳᠤ ᠰᠠᠭᠤᠭᠳᠠᠭᠤᠯᠬᠤ ᠭᠡᠷᠡᠭᠳᠡᠢ᠃  ᠨᠠᠮ ᠤᠨ ᠡᠭᠦᠷ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤ ᠰᠠᠭᠤᠭ᠎ᠠ ᠡᠷᠦᠬᠡ ᠶᠢᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠨ᠂  ᠲᠣᠭᠲᠠᠮᠠᠯ ᠬᠤᠷᠠᠯ ᠢ ᠴᠠᠭ ᠴᠠᠭ ᠲᠤᠨᠢ ᠬᠤᠷᠠᠯᠳᠤᠭᠤᠯᠵᠤ᠂ ᠠᠵᠢᠯ ᠤᠨ ᠮᠡᠳᠡᠭᠦᠯᠦᠯᠲᠡ  ᠶᠢ ᠲᠣᠭᠲᠠᠭᠰᠠᠨ ᠬᠤᠭᠤᠴᠠᠭᠠᠨ ᠳᠤ ᠬᠢᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃  ᠠᠷᠠᠳ ᠲᠦᠮᠡᠨ ᠢ ᠳᠡᠭᠡᠳᠦᠯᠡᠬᠦ ᠦᠵᠡᠯ ᠰᠠᠨᠠᠭ᠎ᠠ ᠶᠢ ᠪᠠᠷᠢᠮᠲᠠᠯᠠᠵᠤ  ︽ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾  ᠶᠢ ᠢᠮᠠᠭᠲᠠ ᠲᠤᠤᠱᠯᠠᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠯ᠎ᠡ ᠲᠦᠷᠦᠯ ᠤᠨ ᠠᠵᠢᠯ ᠢ ᠠᠬᠢᠭᠤᠯᠵᠤ᠂ ᠨᠠᠮ ᠤᠨ ᠭᠡᠰᠢᠬᠦᠨ ᠤᠯᠠᠨ ᠲᠦᠮᠡᠨ  ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠶᠢ ᠲᠦᠷᠢᠮᠵᠢᠬᠦᠯᠦᠨ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ  ᠶᠢᠨ ᠦᠢᠯᠡᠳᠦᠯ ᠪᠠ  ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ︽ᠬᠠᠮᠤᠭ ᠤᠨ ᠬᠦᠴᠦᠷᠬᠡᠭ ᠨᠠᠮ ᠤᠨ ᠡᠭᠦᠷ︾  ᠢ ᠪᠠᠶᠢᠭᠤᠯᠬᠤ ᠪᠠ ︽ᠬᠤᠶᠠᠷ ᠢ ᠨᠡᠪᠴᠢᠭᠦᠯᠬᠦ︾ ᠠᠵᠢᠯ ᠢᠶᠠᠷ ᠭᠠᠷᠳᠠᠴᠠ ᠪᠤᠯᠭᠠᠨ᠂ ᠺᠠᠳ᠋ᠷ ᠤᠨ ᠡᠩᠨᠡᠭᠡᠨ ᠤ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠬᠦᠯᠵᠦ᠂ ᠲᠦᠷᠢᠮ ᠪᠠ ᠡᠩᠨᠡᠭᠡ ᠶᠢ ᠬᠤᠶᠠᠷ ᠲᠠᠯ᠎ᠠ ᠪᠠᠷ ᠵᠡᠷᠭᠡᠪᠡᠷ ᠠᠳᠬᠤᠨ᠂ ᠨᠠᠮ ᠤᠨ ᠡᠭᠦᠷ ᠤᠨ ᠲᠦᠷᠢᠮᠵᠢᠭᠰᠡᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠭᠡᠷᠡᠭᠳᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠰᠤᠷᠳᠠᠯ ᠴᠢᠭᠡᠴᠢ ᠤᠪᠤᠷ ᠲᠦᠪ ᠨᠠᠮ ᠤᠨ ᠡᠭᠦᠷ ᠤᠨ ᠠᠭᠤᠷ ᠠᠮᠢᠰᠬᠤᠯ ᠢ ᠪᠣᠶ ᠪᠤᠯᠭᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠣᠣ ᠬᠤᠸᠠᠨ ᠢᠦᠶ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠠ᠃ ᠮᠡᠳᠡᠭᠦᠯᠦᠯᠲᠡ ᠳᠤ᠂ ᠨᠢᠭᠡ ᠳᠤ ᠵᠥᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠯᠢᠪᠠ ᠠᠵᠢᠯ ᠢ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠢᠵᠢᠮ ᠢ ᠪᠠᠲᠤ ᠡᠵᠡᠮᠳᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ︽ᠨᠢᠭᠡᠳᠦᠭᠡᠷ ᠵᠥᠪᠯᠡᠬᠦ ᠰᠡᠳᠦᠪ︾ ᠪᠤᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠨ᠎ᠡ ᠱᠠᠭᠠᠷᠳᠠᠯᠭ᠎ᠠ ᠶᠢ ᠦᠷᠭᠦᠯᠵᠢᠯᠡᠨ ᠳᠠᠭᠠᠵᠤ ᠰᠤᠷᠤᠯᠴᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠭᠤᠣᠯᠳᠠᠯᠭ᠎ᠠ ᠶᠢ ᠲᠤᠪᠤᠶᠢᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠨ  ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠭᠤᠤᠯᠳᠠᠯᠭ᠎ᠠ ᠲᠠᠢ ᠠᠵᠢᠯ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ  ᠬᠢᠨᠠᠯᠲᠠ ᠲᠠᠯᠪᠢᠵᠤ᠂ ᠤᠯᠤᠰ ᠲᠥᠷᠥ ᠶᠢᠨ ᠬᠢᠨᠠᠯᠲᠠ ᠶᠢᠨ ᠪᠤᠳᠠᠳᠠᠶᠢᠵᠢᠵᠤ ᠪᠠᠶᠢᠩᠭᠤᠵᠢᠬᠤ ᠶᠢ ᠠᠬᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠭᠤᠷᠪᠠ ᠳᠤ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠱᠠᠭᠠᠷᠳᠠᠯᠭ᠎ᠠ ᠶᠣᠰᠣᠭᠠᠷ ᠵᠠᠬᠢᠳᠠᠯ ᠰᠤᠷᠪᠤᠯᠵᠢᠯᠠᠭ᠎ᠠ ᠰᠢᠢᠳᠪᠦᠷᠢᠯᠡᠬᠦ ᠠᠵᠢᠯ ᠢ ᠰᠡᠳᠬᠢᠯ ᠲᠠᠯᠪᠢᠵᠤ ᠬᠦᠴᠦ ᠣᠷᠣᠭᠤᠯᠤᠨ ᠰᠠᠶᠢᠲᠤᠷ ᠬᠢᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠡᠷᠡᠭ  ᠨᠢᠬᠡᠪᠦᠷᠢ ᠶᠢ ᠲᠤᠬᠢᠳᠠᠢ ᠰᠢᠢᠳᠪᠦᠷᠢᠯᠡᠬᠦ ᠪᠠᠷ ᠴᠢᠷᠮᠠᠶᠢᠬᠤ ᠭᠡᠷᠡᠭᠳᠡᠢ ᠬᠡᠵᠦ ᠴᠢᠬᠤᠯᠠᠴᠢᠯᠠᠪᠠ᠃ ᠬᠤᠷᠠᠯ ᠲᠡᠭᠡᠷ᠎ᠡ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ  ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠢ ᠨᠥᠬᠦᠨ ᠰᠤᠩᠭᠤᠵᠤ᠂ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠳᠤᠯᠠᠵᠠᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号