5 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠨᠪᠤᠯᠠᠭ ᠰᠤᠮᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠠᠮᠵᠢᠯᠲᠠ ᠲᠠᠢ ᠬᠤᠷᠠᠯᠳᠤᠵᠤ᠂ ᠪᠥᠬᠦ ᠰᠤᠮᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠡᠯ᠎ᠡ ᠲᠦᠷᠦᠯ ᠤᠨ ᠠᠵᠢᠯ ᠤᠨ ᠹᠷᠣᠨᠲ ᠠᠴᠠ ᠢᠷᠡᠭᠰᠡᠨ ᠨᠠᠮ ᠤᠨ ᠲᠥᠯᠥᠭᠡᠯᠡᠭᠴᠢᠳ ᠨᠢᠭᠡᠨ ᠲᠠᠩᠬᠢᠮ ᠳᠤ | ᠴᠤᠭᠯᠠᠷᠠᠵᠤ᠂ ᠰᠢᠨ᠎ᠡ ᠴᠠᠭ ᠦᠶ᠎ᠡ ᠶᠢᠨ ᠬᠦᠨᠪᠤᠯᠠᠭ ᠰᠤᠮᠤᠨ ᠤ ᠴᠢᠨᠠᠷ ᠰᠠᠶᠢᠲᠠᠶ ᠬᠥᠭᠵᠢᠯᠲᠡ ᠶᠢᠨ ᠶᠡᠭᠡ | ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠡᠨᠡ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ | ᠲᠥᠯᠥᠭᠡᠯᠡᠭᠴᠢ 55 ᠬᠥᠮᠦᠨ᠂ ᠪᠣᠳᠠᠲᠠᠢ ᠤᠷᠤᠯᠴᠠᠭᠰᠠᠨ ᠨᠢ 53 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ | ᠬᠥᠮᠦᠨ ᠲᠤᠭ᠎ᠠ ᠳᠤ ᠨᠡᠶᠢᠴᠡᠵᠡᠢ᠃ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠦᠸᠧ ᠰᠢᠶᠤᠤ | ᠮᠧᠩ ᠡᠬᠢᠯᠡᠯᠲᠡ ᠶᠢᠨ ᠦᠭᠡ ᠬᠡᠯᠡᠵᠦ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠭᠡᠰᠢᠭᠦᠨ ᠼᠠᠢ ᠸᠧᠨ ᠰᠢᠤᠢ ᠬᠤᠷᠠᠯ ᠢ ᠡᠷᠬᠢᠯᠡᠨ᠂ ᠨᠠᠮ ᠤᠨ ᠬᠤᠷᠢᠶᠠᠨ ᠤ ᠱᠦᠵᠢ ᠤᠷᠬᠢᠯ ᠨᠠᠮ ᠤᠨ | ᠬᠤᠷᠢᠶᠠᠨ ᠤ ᠠᠵᠢᠯ ᠤᠨ ᠮᠡᠳᠡᠭᠦᠯᠦᠯᠲᠡ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠰᠢᠶᠧ ᠬᠠᠢ ᠪᠦᠦ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠵᠢᠯ ᠤᠨ ᠮᠡᠳᠡᠭᠦᠯᠦᠯᠲᠡ ᠬᠢᠪᠡ᠃ ᠬᠤᠷᠠᠯ ᠤᠨ ᠠᠯᠬᠤᠮ ᠲᠠᠷᠠᠭᠠᠯᠠᠯ ᠶᠣᠰᠣᠭᠠᠷ᠂ ᠬᠤᠷᠠᠯ ᠠᠴᠠ ᠨᠠᠮ ᠤᠨ | ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠠᠵᠢᠯ ᠤᠨ ᠮᠡᠳᠡᠭᠦᠯᠦᠯᠲᠡ ᠪᠠ | ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠬᠢᠨᠠᠨ ᠦᠵᠡᠵᠦ᠂ ᠨᠠᠮ ᠤᠨ ᠬᠤᠷᠢᠶ᠎ᠠ ᠪᠤᠯᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠪᠠ ᠭᠡᠰᠢᠬᠦᠳ ᠢ ᠠᠷᠠᠳᠴᠢᠯᠠᠯ ᠢᠶᠠᠷ ᠬᠢᠨᠠᠨ | ᠦᠨᠡᠯᠡᠭᠰᠡᠨ ᠪᠠᠶᠢᠨ᠎ᠠ᠃ ᠲᠥᠯᠥᠭᠡᠯᠡᠭᠴᠢᠳ ᠳᠤᠭᠤᠶᠢᠯᠠᠩ ᠬᠤᠪᠢᠶᠠᠵᠤ ᠶᠠᠷᠢᠯᠴᠠᠭᠰᠠᠨ ᠤ ᠲᠠᠷᠠᠭ᠎ᠠ | ᠲᠡᠷᠢᠭᠦᠯᠡᠭᠴᠢᠳ ᠤᠨ ᠪᠦᠯᠬᠦᠮ ᠠᠴᠠ ᠡᠯ᠎ᠡ ᠳᠤᠭᠤᠶᠢᠯᠠᠩ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠦᠭᠡᠳ | ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠬᠢᠨᠠᠨ ᠪᠠᠳᠤᠯᠠᠵᠤ᠂ ᠨᠠᠮ ᠤᠨ ᠬᠤᠷᠢᠶᠠᠨ ᠤ | ᠵᠢᠱᠢᠭᠳᠡᠭᠴᠢ ᠶᠢᠨ ᠨᠡᠷᠡᠰ ᠢ ᠲᠤᠭᠳᠠᠭᠠᠨ᠂ ᠶᠡᠭᠡ ᠬᠤᠷᠠᠯ ᠤᠨ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ | ᠰᠠᠨᠠᠭᠤᠯᠭ᠎ᠠ ᠶᠢᠨ ᠨᠡᠷᠡᠰ ᠢ ᠳᠤᠷᠠᠳᠤᠨ ᠭᠠᠷᠭᠠᠵᠤ᠂ ᠪᠢᠯᠧᠲ ᠪᠦᠷᠢᠳᠬᠡᠭᠴᠢ ᠶᠢ ᠵᠢᠭᠠᠨ ᠲᠣᠭᠲᠠᠭᠠᠵᠤ᠂ ᠨᠠᠮ ᠤᠨ | ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶ | ᠶᠢ ᠬᠢᠨᠠᠨ ᠵᠥᠪᠯᠡᠪᠡ᠃ ᠶᠡᠭᠡ ᠬᠤᠷᠠᠯ ᠤᠨ ᠰᠤᠩᠭᠤᠭᠤᠯᠢ ᠪᠠᠷ ᠲᠠᠮᠵᠢᠭᠠᠳ ᠰᠢᠶᠧ ᠬᠠᠢ ᠪᠤᠤ᠂ ᠸᠠᠩ ᠯᠢ ᠮᠢᠨ | ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠭᠰᠠᠨ ᠪᠠᠶᠢᠨ᠎ᠠ᠃ ᠨᠠᠮ ᠤᠨ ᠬᠤᠷᠢᠶᠠᠨ ᠤ | ᠱᠦᠵᠢ ᠣᠷᠭᠢᠯ ᠲᠡᠬᠦᠰᠬᠡᠯ ᠤᠨ ᠶᠠᠷᠢᠶᠠᠨ ᠳᠠᠭᠠᠨ᠂ ᠪᠦᠬᠦ ᠰᠤᠮᠤᠨ ᠤ ᠨᠠᠮ ᠤᠨ ᠭᠡᠰᠢᠭᠦᠨ ᠺᠠᠳ᠋ᠷᠴᠤᠳ ᠰᠢ ᠶᠢᠨ | ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ︽ᠲᠠᠪᠤᠨ ᠶᠡᠭᠡ ᠡᠭᠦᠷᠭᠡ ︾ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠠᠶᠢᠭᠤᠯᠬᠤ ᠬᠤᠶᠠᠷ ᠶᠡᠭᠡ ᠶᠠᠪᠤᠳᠠᠯ ᠢ ᠠᠬᠢᠭᠤᠯᠵᠤ᠂ ᠤᠭ ᠰᠠᠨᠠᠭ᠎ᠠ ᠪᠠᠨ ᠪᠠᠳᠤᠳᠬᠠᠨ᠂ ᠦᠨᠡᠨᠬᠦ ᠪᠣᠳᠠᠲᠠᠢ | ᠠᠵᠢᠯᠯᠠᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠨᠢᠬᠳᠠᠷᠠᠭᠤᠯᠤᠨ᠂ ᠣᠷᠣᠰᠢᠨ ᠰᠠᠭᠤᠷᠢᠰᠢᠵᠤ ᠦᠢᠯᠡᠰ | ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠳᠦ ᠰᠠᠶᠢᠬᠠᠨ ᠬᠦᠨᠪᠤᠯᠠᠭ ᠰᠤᠮᠤᠨ ᠤ ᠰᠢᠨ᠎ᠡ ᠬᠠᠭᠤᠳᠠᠰᠤ ᠶᠢ | ᠵᠢᠷᠤᠭᠯᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |