ᠴᠧᠩ ᠪᠸᠢ ᠴᠡᠴᠡᠷᠯᠢᠭ ᠤᠨ ᠬᠢᠨ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠪᠠᠨ ᠤᠭᠳᠤᠯ᠎ᠠ
ᠨᠡᠶᠢᠲᠡᠯᠡᠭᠰᠡᠨ ᠴᠠᠭ᠄
2024/5/21
  5 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤᠨ ᠤ ᠴᠧᠩ ᠪᠸᠢ ᠬᠡᠤᠬᠡᠳ ᠤᠨ ᠴᠡᠴᠡᠷᠯᠢᠭ ᠨᠢ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭᠠᠨ  ᠤ ᠡᠬᠢᠯᠡᠯᠲᠡ ᠶᠢᠨ ᠶᠣᠰᠣᠯᠠᠯ ᠢ ᠡᠷᠬᠢᠯᠡᠵᠦ᠂ ᠴᠡᠴᠡᠷᠯᠢᠭ ᠤᠨ ᠪᠠᠭᠰᠢ ᠨᠠᠷ ᠪᠤᠯᠤᠨ ᠬᠡᠷ ᠤᠨ ᠠᠬᠠᠮᠠᠳ ᠤᠨ ᠲᠥᠯᠥᠭᠡᠯᠡᠭᠴᠢ ᠨᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠬᠠᠶ ᠣᠶᠢᠯᠠᠭᠠᠯᠲᠠ ᠲᠥᠷᠥᠭᠳᠡᠯ ᠢᠶᠠᠨ  ᠬᠤᠪᠢᠶᠠᠯᠴᠠᠭᠰᠠᠨ ᠪᠦᠭᠡᠳ ᠴᠡᠴᠡᠷᠯᠢᠭ ᠤᠨ ᠬᠡᠤᠬᠡᠳ ᠤᠳ ᠠᠴᠠ ᠭᠤᠴᠤ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃   ᠭᠡᠷ ᠤᠨ ᠠᠬᠠᠮᠠᠳ ᠶᠠᠩ ᠵᠢᠶᠦ᠋ᠨ ᠴᠢ᠄ ︽ᠥᠨᠥᠳᠦᠷ ᠠᠵᠠ ᠲᠤᠬᠢᠶᠠᠵᠤ ᠶᠣᠰᠣᠯᠠᠯ ᠳᠤ ᠤᠷᠤᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠬᠤᠶᠢᠰᠢᠳᠠ ᠴᠤ ᠭᠡᠰᠡᠨ ᠴᠡᠴᠡᠷᠯᠢᠭ ᠤᠨ ᠡᠷᠬᠢᠯᠡᠭᠰᠡᠨ ᠬᠦᠳᠡᠯᠪᠦᠷᠢ ᠠᠵᠢᠯᠯᠠᠭ᠎ᠠ ᠳᠤ  ᠢᠳᠡᠪᠬᠢᠳᠡᠢ ᠬᠠᠮᠵᠢᠯᠴᠠᠵᠤ᠂ ᠬᠡᠤᠬᠡᠳ ᠤᠳ ᠲᠠᠢ ᠪᠠᠨ ᠬᠠᠮᠳᠤ ᠪᠠᠷ ᠡᠷᠡᠭᠦᠯ ᠡᠩᠬᠡ ᠪᠠᠶᠠᠷ ᠬᠥᠷ ᠲᠠᠢ ᠦᠰᠦᠨ ᠪᠤᠶᠢᠵᠢᠨ᠎ᠠ︾᠃   ᠴᠡᠴᠡᠷᠯᠢᠭ ᠤᠨ ᠪᠠᠭᠰᠢ ᠵᠠᠩ ᠶᠢᠩ᠄ ︽ᠡᠨᠡ ᠤᠳᠠᠭᠠᠨ ᠤ ᠤᠬᠠᠭᠤᠯᠭ᠎ᠠ ᠶᠢᠨ ᠰᠠᠷ᠎ᠠ ᠪᠠᠷ ᠪᠢᠳᠡ ᠰᠤᠷᠭᠠᠭᠤᠯᠢ  ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠬᠤᠯᠠ ᠠᠴᠢ ᠬᠤᠯᠪᠣᠭᠳᠠᠯ ᠪᠠ ᠦᠨ᠎ᠡ ᠥᠷᠲᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠴᠡᠴᠡᠷᠯᠢᠭ ᠤᠨ ᠢᠶᠠᠨ ᠰᠤᠷᠭᠠᠨ ᠬᠦᠮᠦᠵᠢᠯ ᠤᠨ ᠠᠮᠵᠢᠯᠳᠠ ᠴᠢᠷᠮᠠᠶᠢᠯᠳᠠ ᠶᠢ ᠳᠡᠯᠭᠡᠨ ᠦᠵᠡᠬᠦᠯᠬᠦ ᠶᠢᠨ ᠬᠠᠮᠳᠤ᠂  ᠪᠠᠶᠠᠯᠢᠭ ᠰᠠᠶᠢᠬᠠᠨ ᠬᠦᠳᠡᠯᠪᠦᠷᠢ ᠠᠵᠢᠯᠯᠠᠭ᠎ᠠ ᠦᠷᠨᠢᠬᠦᠯᠬᠦ ᠪᠠᠷ ᠲᠠᠮᠵᠢᠨ   ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠨᠠᠩ ᠣᠯᠠᠨ ᠬᠥᠮᠦᠰ ᠲᠤ ᠣᠶᠢᠯᠠᠭᠠᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠠᠯᠠᠮᠵᠢᠯᠠᠨ ᠲᠡᠮᠵᠢᠬᠦ ᠨᠡᠶᠢᠬᠡᠮ  ᠤᠨ ᠠᠭᠤᠷ ᠠᠮᠢᠰᠬᠤᠯ ᠢ ᠪᠤᠢ ᠪᠤᠯᠭᠠᠵᠤ᠂  ᠪᠢᠴᠢᠬᠠᠨ ᠨᠠᠶᠢᠵᠠ ᠨᠠᠷ ᠲᠠᠭᠠᠨ ᠨᠠᠩ ᠰᠠᠶᠢᠨ ᠰᠠᠶᠢᠬᠠᠨ ᠦᠰᠦᠨ ᠪᠤᠶᠢᠵᠢᠬᠤ ᠣᠷᠴᠢᠨ ᠨᠥᠬᠦᠴᠡᠯ ᠢ ᠡᠭᠦᠳᠴᠦ ᠬᠠᠩᠭᠠᠬᠤ ᠪᠠᠷ ᠴᠢᠷᠮᠠᠶᠢᠨ᠎ᠠ︾  ᠃    ᠦᠨᠦᠳᠦᠷ ᠤᠨ ᠡᠬᠢᠯᠡᠯᠲᠡ ᠶᠢᠨ ᠶᠣᠰᠣᠯᠠᠯ ᠨᠢ ᠲᠠᠶᠢᠹᠤᠰᠧ ᠬᠤᠰᠢᠭᠤᠨ ᠤ 2024 ᠣᠨ ᠤ ︽ᠰᠤᠷᠭᠠᠭᠤᠯᠢ  ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭᠠᠨ ᠤ ᠬᠥᠰᠢᠭᠡ  ᠶᠢ   ᠰᠡᠬᠦᠵᠡᠢ᠃ ᠲᠠᠷᠠᠭᠠᠴᠢ ᠶᠢᠨ ᠠᠯᠬᠤᠮ ᠳᠤ᠂ ᠪᠥᠬᠦ ᠬᠤᠰᠢᠭᠤᠨ ᠤ ᠬᠡᠤᠬᠡᠳ ᠤᠨ ᠴᠡᠴᠡᠷᠯᠢᠭ ᠤᠳ ᠨᠢ ᠣᠯᠠᠨ ᠶᠠᠩᠵᠤ ᠶᠢᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠲᠠᠮᠵᠢᠨ ᠤᠬᠠᠭᠤᠯᠭ᠎ᠠ ᠶᠢᠨ ᠰᠠᠷ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠤᠷᠭᠠᠭᠤᠯᠢ ᠶᠢ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠪᠥᠬᠦ ᠬᠤᠰᠢᠭᠤᠨ ᠤ  ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号