ᠲᠠᠶᠢᠹᠤᠰᠧ ᠬᠤᠰᠢᠭᠤ ᠤᠯᠠᠨ ᠲᠠᠯ᠎ᠠ ᠪᠠᠷ ᠬᠦᠴᠦᠯᠡᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/22
   ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠠᠬᠢᠯᠭ᠎ᠠ ᠪᠠᠲᠤ ᠶᠢ ᠰᠤᠷᠤᠯᠴᠠᠬᠤ ᠠᠴᠠ ᠭᠠᠷᠳᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠢ  ᠤᠶᠠᠯᠳᠤᠭᠤᠯᠵᠤ᠂ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠦᠪᠯᠡᠷᠡᠬᠦᠯᠦᠨ᠂ ᠬᠤᠶᠠᠷ ᠳᠠᠪᠬᠤᠷᠭ᠎ᠠ ᠶᠢ ᠨᠢᠬᠳᠠ ᠠᠩᠬᠠᠷᠴᠤ᠂ ᠠᠳᠠᠯᠢ ᠪᠤᠰᠤ ᠣᠨᠴᠠᠯᠢᠭ ᠢ ᠠᠳᠬᠤᠨ᠂  ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ ᠪᠠᠶᠢᠨ᠎ᠠ᠃     — — ᠥᠨᠳᠥᠷ ᠪᠠᠷᠢᠮᠵᠢᠶ᠎ᠠ ᠪᠠᠷ ᠰᠤᠷᠤᠯᠴᠠᠵᠤ᠂ ︽ᠲᠦᠷᠢᠮ︾ ᠢ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠢ ᠪᠠᠳᠤᠯᠠᠭᠰᠠᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠨ ᠲᠤᠤᠱᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂  ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ ᠦᠯᠢᠭᠡᠷ ᠳᠠᠭᠤᠷᠢᠶᠠᠯ ᠪᠤᠯᠬᠤ ᠶᠢ ᠲᠠᠶᠢᠴᠢᠯᠠᠨ ᠵᠢᠯᠤᠭᠤᠳᠴᠠᠢ᠃ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ ᠢ ᠪᠣᠳᠠᠲᠠᠶ ᠠᠳᠬᠤᠨ᠂ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂  ᠰᠤᠳᠤᠯᠤᠨ ᠶᠠᠷᠢᠯᠴᠠᠬᠤ᠂ ᠲᠦᠪᠯᠡᠷᠡᠨ ᠰᠤᠷᠤᠯᠴᠠᠬᠤ᠂  ᠦᠪᠡᠷᠳᠡᠭᠡᠨ ᠰᠤᠷᠤᠯᠴᠠᠬᠤ᠂ ᠨᠣᠮ ᠤᠩᠰᠢᠬᠤ ᠠᠩᠭᠢ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ︽ᠲᠦᠷᠢᠮ︾ ᠤᠨ ᠰᠢᠨ᠎ᠡ ᠬᠠᠭᠤᠴᠢᠨ ᠬᠡᠪᠯᠡᠯ ᠢ ᠬᠠᠷᠢᠴᠠᠭᠤᠯᠤᠨ ᠰᠤᠷᠤᠯᠴᠠᠵᠤ᠂ ᠨᠠᠮ ᠤᠨ ︽ᠵᠢᠷᠭᠤᠭᠠᠨ ᠰᠠᠬᠢᠯᠭ᠎ᠠ ᠪᠠᠳᠤ︾ ᠶᠢᠨ ᠲᠤᠭᠤᠷᠢᠨ ᠳᠤ ᠰᠤᠳᠤᠯᠤᠨ ᠶᠠᠷᠢᠯᠴᠠᠭᠠᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ   ᠢ ᠲᠠᠰᠤᠷᠠᠯᠲᠠ ᠥᠬᠡᠶ ᠬᠦᠨᠵᠡᠬᠡᠶᠢᠷᠡᠬᠦᠯᠦᠨ ᠪᠤᠳᠠᠳᠠᠶᠢᠵᠢᠭᠤᠯᠪᠠ᠃     — —  ᠦᠷ᠎ᠡ ᠪᠦᠲᠦᠮᠵᠢᠲᠡᠢ ᠵᠢᠯᠤᠭᠤᠳᠴᠤ᠂ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭ ᠰᠠᠶᠢᠨ ᠠᠳᠬᠤᠭᠰᠠᠨ᠃  ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠲᠠᠯ᠎ᠠ ᠲᠠᠯ᠎ᠠ ᠶᠢ ᠵᠣᠬᠢᠴᠠᠭᠤᠯᠬᠤ ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠲᠡᠬᠦᠯᠳᠡᠷᠵᠢᠬᠦᠯᠦᠨ᠂ ᠲᠤᠰᠬᠠᠶ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠲᠤᠭᠳᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠠᠨᠠᠭᠤᠯᠬᠤ ᠪᠠ ᠬᠡᠪ ᠤᠨ ᠪᠠᠶᠢᠳᠠᠯ ᠢᠶᠠᠷ ᠵᠢᠯᠣᠭᠤᠳᠬᠤ ᠲᠦᠷᠢᠮ ᠢ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠪᠥᠬᠦ ᠲᠠᠯ᠎ᠠ ᠪᠠᠷ ᠵᠢᠯᠣᠭᠤᠳᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠨᠠᠷᠢᠯᠢᠭ ᠣᠨᠣᠴᠠᠲᠠᠶ ᠪᠠᠷ ᠵᠢᠭᠠᠨ ᠵᠢᠯᠤᠭᠤᠳᠴᠠᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ︽ᠭᠤᠷᠪᠠᠨ ᠬᠤᠷᠠᠯ ᠨᠢᠭᠡ ᠬᠢᠴᠢᠶᠡᠯ︾ ᠲᠠᠢ ᠤᠶᠠᠯᠳᠤᠭᠤᠯᠵᠤ᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ᠂ ᠲᠤᠰᠬᠠᠢ ᠰᠡᠳᠦᠪᠲᠦ ᠬᠢᠴᠢᠶᠡᠯ ᠲᠠᠶᠢᠯᠤᠮᠵᠢ ᠬᠢᠬᠦ᠂  ᠣᠶᠢᠯᠠᠭᠠᠯᠲᠠ ᠲᠦᠷᠦᠭᠳᠡᠯ ᠢᠶᠠᠨ ᠶᠠᠷᠢᠯᠴᠠᠨ ᠰᠣᠯᠢᠯᠴᠠᠬᠤ᠂ ᠲᠤᠰᠬᠠᠢ ᠰᠡᠳᠦᠪᠲᠦ ᠹᠢᠯᠢᠮ ᠦᠵᠡᠬᠦ ᠵᠡᠷᠭᠡ ᠠᠷᠭ᠎ᠠ ᠬᠡᠯᠪᠡᠷᠢ ᠪᠠᠷ ᠨᠠᠮ ᠤᠨ ᠭᠡᠰᠢᠬᠦᠳ ᠢ ᠵᠣᠬᠢᠶᠠᠨ ᠪᠠᠶᠢᠭᠤᠯᠵᠤ ︽ᠲᠦᠷᠢᠮ︾ ᠢ ᠰᠤᠷᠤᠯᠴᠠᠭᠤᠯᠪᠠ᠃ ᠪᠥᠬᠦ ᠬᠤᠰᠢᠭᠤᠨ ᠤ ᠨᠠᠮ ᠤᠨ ᠭᠡᠰᠢᠭᠦᠳ ᠲᠤ 8000 ᠭᠠᠷᠤᠶ ᠲᠡᠪᠳᠡᠷ ︽ᠲᠦᠷᠢᠮ︾ ᠢ ᠲᠠᠷᠬᠠᠭᠠᠭᠰᠠᠨ ᠤ ᠬᠠᠮᠳᠤ ᠨᠡᠭᠦᠳᠡᠯ ᠨᠠᠮ ᠤᠨ ᠭᠡᠰᠢᠭᠦᠨ ᠪᠠ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠬᠦᠳ ᠲᠤ ᠰᠤᠷᠤᠯᠴᠠᠯᠭ᠎ᠠ ᠶᠢ ᠬᠡᠷ ᠲᠤᠨᠢ   ᠬᠦᠷᠭᠡᠭᠡᠳ ᠪᠦᠬᠦ ᠨᠠᠮ ᠤᠨ ᠭᠡᠰᠢᠬᠦᠨ ᠰᠤᠷᠤᠯᠴᠠᠯᠭ᠎ᠠ ᠬᠦᠮᠦᠵᠢᠯ ᠳᠤ ᠤᠷᠤᠯᠴᠠᠬᠤ ᠶᠢ ᠪᠡᠶᠡᠯᠡᠬᠦᠯᠪᠡ  ᠃      — — ᠴᠢᠨᠠᠷ ᠴᠢᠨᠰᠠᠭ᠎ᠠ ᠶᠢ ᠴᠢᠬᠤᠯᠠᠴᠢᠯᠠᠵᠤ᠂ ᠬᠠᠷᠢᠯᠴᠠᠨ ᠠᠭᠤᠰᠤᠯᠴᠠᠭᠤᠯᠵᠤ ᠬᠠᠮᠲᠤ ᠳᠤᠨᠢ ᠠᠬᠢᠭᠤᠯᠤᠭᠰᠠᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠦᠷ᠎ᠡ ᠪᠦᠲᠦᠮᠵᠢ ᠶᠢ ᠴᠢᠬᠤᠯᠠᠴᠢᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂  ᠬᠤᠶᠠᠷ ᠲᠠᠯ᠎ᠠ ᠪᠠᠷ ᠠᠬᠢᠭᠤᠯᠬᠤ ᠶᠢ ᠪᠠᠷᠢᠮᠳᠠᠯᠠᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠶᠠᠪᠤᠴᠠ ᠳᠠᠬᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠶᠠᠪᠤᠴᠠ ᠶᠢ ᠡᠭᠦᠷᠭᠡᠯᠡᠯ ᠢ ᠴᠢᠩᠭᠠᠳᠬᠠᠵᠤ ᠴᠢᠳᠠᠪᠤᠷᠢ ᠶᠢ ᠳᠡᠭᠡᠭᠰᠢᠯᠡᠭᠦᠯᠬᠦ ᠶᠠᠪᠤᠴᠠ ᠪᠣᠯᠭᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠨᠡᠨ ᠪᠣᠳᠠᠲᠠᠢ ᠦᠷ᠎ᠡ ᠪᠦᠲᠦᠮᠵᠢ ᠲᠡᠭᠡᠷ᠎ᠡ  ᠢᠯᠡᠷᠡᠬᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠭᠤᠣᠯ ᠠᠵᠢᠯ ᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠤᠯᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号