ᠵᠠᠰᠠᠭ ᠤᠨ ᠶᠠᠪᠤᠳᠠᠯ ᠢ ᠢᠯᠡ ᠪᠤᠯᠭᠠᠬᠤ ᠠᠷᠭ᠎ᠠ ᠠᠪᠴᠢᠯ ᠢᠶᠠᠨ ᠰᠠᠶᠢᠵᠢᠷᠠᠭᠤᠯᠵᠤ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2024/5/22
 ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠪᠣᠯ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠬᠤᠭᠤᠷᠣᠨᠳᠣᠬᠢ ᠴᠢᠬᠤᠯᠠ ᠬᠥᠭᠦᠷᠭᠡ᠂ ᠪᠠᠰᠠ ᠴᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠲᠠᠶᠢᠹᠤᠰᠧ ᠬᠤᠰᠢᠭᠤ  ᠨᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠵᠤ ᠲᠦᠷᠢᠮᠵᠢᠭᠰᠡᠨ ᠪᠠᠶᠢᠭᠤᠯᠤᠯᠳᠠ ᠪᠠ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠰᠡᠨ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠶᠢᠲᠡᠯᠡᠬᠦ ᠶᠠᠪᠤᠴᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠬᠦᠯᠵᠦ ᠪᠠᠶᠢᠨ᠎ᠠ᠃ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠬᠦᠯᠳᠡᠷᠵᠢᠬᠦᠯᠵᠦ᠂ ︽ᠱᠠᠲᠤ ᠬᠤᠪᠢᠶᠠᠵᠤ ᠬᠢᠨᠠᠨ ᠬᠠᠷᠭᠤᠭᠤᠯᠬᠤ᠂ ᠤᠷᠢᠳᠠᠪᠠᠷ ᠬᠢᠨᠠᠵᠤ ᠳᠠᠷᠠᠭ᠎ᠠ ᠨᠢ ᠨᠡᠶᠢᠲᠡᠯᠡᠬᠦ︾ ᠵᠠᠷᠴᠢᠮ ᠶᠣᠰᠣᠭᠠᠷ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠶᠠᠪᠤᠴᠠ ᠳᠠᠬᠢ ᠬᠢᠨᠠᠨ ᠬᠠᠷᠭᠤᠭᠤᠯᠬᠤ ᠠᠵᠢᠯ ᠢ ᠰᠠᠶᠢᠨ ᠬᠢᠵᠦ᠂ ᠰᠢᠨ᠎ᠡ ᠵᠠᠭᠤᠴᠢᠯᠠᠭᠤᠷ ᠤᠨ ᠭᠡᠷᠡᠭᠯᠡᠯᠳᠡ ᠶᠢ ᠲᠡᠭᠡᠭᠰᠢᠯᠡᠬᠦᠯᠦᠨ᠂  ᠮᠡᠳᠡᠭᠡ ᠵᠠᠩᠭᠢ ᠳᠠᠮᠵᠢᠭᠤᠯᠬᠤ ᠬᠤᠷᠳᠤᠴᠠ ᠪᠠ ᠥᠷᠭᠡᠴᠡ ᠶᠢ ᠨᠡᠮᠡᠭᠳᠡᠬᠦᠯᠦᠭᠰᠡᠨ ᠤ ᠬᠠᠮᠲᠤ ᠰᠢᠨ᠎ᠡ ᠵᠠᠭᠤᠴᠢᠯᠠᠭᠤᠷ ᠤᠨ ᠲᠠᠪᠴᠠᠩ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠳᠠᠭᠠᠨ ᠠᠮᠤᠷ ᠲᠦᠪᠰᠢᠨ ᠪᠠ ᠨᠠᠶᠢᠳᠠᠪᠤᠷᠢᠲᠤ ᠴᠢᠨᠠᠷ ᠢ  ᠪᠠᠳᠤᠯᠠᠭᠰᠠᠨ ᠪᠠᠶᠢᠨ᠎ᠠ᠃ ᠲᠤᠰ ᠬᠤᠰᠢᠭᠤ ᠨᠢ  ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠪᠠᠶᠢᠭᠤᠯᠵᠤ᠂ ᠵᠠᠰᠠᠭ ᠤᠨ ᠣᠷᠳᠣᠨ ᠤ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠨ ᠮᠡᠳᠡᠭᠡ ᠵᠠᠩᠬᠢ ᠶᠢ ᠣᠯᠠᠨ ᠠᠷᠭ᠎ᠠ ᠵᠠᠮ ᠢᠶᠠᠷ ᠢᠯᠡ ᠲᠣᠳᠣ ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠭᠡᠬᠦ ᠵᠡᠷᠭᠡ ᠴᠢᠳᠠᠮᠵᠢ ᠶᠢ ᠡᠷᠴᠢᠮᠵᠢᠬᠦᠯᠦᠭᠰᠡᠨ ᠤ ᠬᠠᠮᠳᠤ᠂ ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠡᠶᠡᠴᠢᠯᠡᠨ ᠤᠶᠢᠯᠠᠭᠠᠬᠤ ᠲᠤᠭᠤᠷᠢᠭ ᠢ ᠪᠠᠶᠢᠭᠤᠯᠵᠤ᠂  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠵᠤ ᠲᠦᠷᠢᠮᠵᠢᠭᠰᠡᠨ ᠪᠠᠶᠢᠭᠤᠯᠤᠯᠲᠠ ᠪᠠᠷ ᠵᠢᠯᠣᠭᠤᠳᠤᠮᠵᠢ  ᠪᠤᠯᠭᠠᠨ  ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ ᠬᠢᠭᠡᠳ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠭᠦᠨᠵᠡᠭᠡᠶ ᠠᠭᠤᠰᠤᠯᠴᠠᠬᠤ ᠶᠢ ᠪᠡᠶᠡᠯᠡᠭᠦᠯᠪᠡ᠃ ᠡᠬᠦᠨ ᠤ ᠬᠠᠮᠳᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠭᠤᠯᠭ᠎ᠠ ᠶᠢᠨ ᠭᠦᠨᠴᠡ ᠪᠠ ᠦᠷᠬᠡᠴᠡ ᠶᠢ ᠨᠡᠮᠡᠭᠳᠡᠬᠦᠯᠵᠦ᠂ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠢᠯᠡ ᠪᠤᠯᠭᠠᠬᠤ ᠡᠷᠴᠢᠮ ᠢ ᠴᠢᠩᠭᠠᠷᠠᠭᠤᠯᠤᠨ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠪᠠ ᠬᠠᠯᠠᠮᠰᠢᠯ ᠠᠰᠠᠭᠤᠳᠠᠯ ᠳᠤ ᠬᠠᠷᠢᠭᠤᠯᠳᠠ ᠦᠭᠭᠦ ᠪᠠᠨ ᠴᠢᠩᠭᠠᠳᠬᠠᠵᠤ᠂ ᠵᠠᠰᠠᠭ ᠤᠨ ᠤᠷᠳᠤᠨ ᠬᠢᠬᠡᠳ ᠤᠯᠠᠨ ᠨᠡᠶᠢᠳᠡ ᠶᠢᠨ ᠬᠠᠷᠢᠯᠴᠠᠵᠤ ᠨᠡᠪᠳᠡᠷᠡᠯᠴᠡᠬᠦ ᠶᠢ ᠠᠬᠢᠭᠤᠯᠤᠨ᠂ 12345 ᠦᠢᠯᠡᠴᠢᠯᠡᠭᠡᠨ ᠤ ᠤᠳᠠᠰᠤ  ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠵᠦ᠂ ︽ᠰᠡᠳᠬᠢᠯ ᠢ ᠳᠤᠯᠠᠭᠠᠴᠠᠭᠤᠯᠬᠤ ᠬᠡᠯᠪᠡᠷᠢ︾ ᠪᠠᠷ ᠬᠠᠷᠢᠭᠤᠯᠲᠠ ᠥᠭᠴᠦ᠂ ᠣᠯᠠᠨ ᠲᠦᠮᠡᠨ ᠢ ᠳᠤᠲᠠᠭᠤ ᠬᠦᠶᠦᠯᠭᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ  ᠠᠵᠢᠯ ᠤᠨ ᠶᠠᠰᠤ ᠴᠢᠨᠠᠷ ᠢ ᠲᠡᠭᠡᠭᠰᠢᠯᠡᠬᠦᠯᠵᠦ᠂ ᠵᠠᠰᠠᠭ ᠤᠨ ᠣᠷᠳᠣᠨ ᠤ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ  ᠨᠡᠪᠳᠡᠷᠡᠬᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号