ᠬᠤᠩ ᠴᠢ ᠪᠠᠯᠭᠠᠰᠤ ᠲᠠᠪᠤᠨ ᠠᠷᠭ᠎ᠠ ᠶᠢ ᠵᠡᠷᠭᠡᠪᠡᠷ ᠬᠡᠷᠡᠭᠵᠢᠭᠦᠯᠵᠦ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/5/22
   2024 ᠤᠨ ᠪᠣᠯ ᠤᠯᠤᠰ ᠤᠨ ︽ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭᠠᠨ︾ ᠤ ᠡᠬᠢᠯᠡᠯᠲᠡ ᠶᠢᠨ ᠵᠢᠯ ᠪᠣᠯᠤᠨ᠎ᠠ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠤᠯᠠᠮ ᠰᠠᠶᠢᠨ ᠬᠠᠮᠠᠭᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠩ ᠴᠢ ᠪᠠᠯᠭᠠᠰᠤ ᠨᠢ ︽ᠤᠨᠤᠯ ᠢ ᠰᠤᠷᠤᠯᠴᠠᠬᠤ᠂ ᠪᠠᠶᠢᠷᠢᠯᠠᠭᠤᠯᠤᠯᠲᠠ ᠶᠢ ᠠᠳᠬᠤᠬᠤ᠂ ᠪᠠᠶᠢᠴᠠᠭᠠᠯᠳᠠ ᠶᠢ ᠴᠢᠩᠭᠠᠳᠬᠠᠬᠤ᠂ ᠤᠬᠠᠭᠤᠯᠭ᠎ᠠ ᠶᠢ ᠬᠦᠨᠵᠡᠬᠡᠶᠢᠷᠡᠬᠦᠯᠬᠦ᠂ ᠦᠷ᠎ᠡ ᠪᠦᠲᠦᠮᠵᠢ ᠶᠢ ᠪᠠᠬᠢᠵᠢᠭᠦᠯᠬᠦ︾ ᠲᠠᠪᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠬᠦᠯᠵᠦ ᠪᠠᠶᠢᠨ᠎ᠠ᠃     — — ᠣᠨᠣᠯ ᠢ ᠰᠤᠷᠤᠯᠴᠠᠵᠤ᠂ ᠠᠮᠤᠷ ᠲᠦᠪᠰᠢᠨ ᠤ ᠬᠥᠮᠦᠵᠢᠯ ᠢ ᠪᠣᠳᠠᠲᠠᠶ ᠠᠳᠬᠤᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠭᠰᠠᠨ᠃ ᠬᠤᠩ ᠴᠢ ᠪᠠᠯᠭᠠᠰᠤ ᠨᠢ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠡᠳᠦᠷ ᠲᠤᠳᠤᠮ ᠤᠨ ᠠᠵᠢᠯ ᠢ ᠰᠠᠶᠢᠨ ᠬᠢᠭᠰᠡᠨ ᠰᠠᠭᠤᠷᠢᠨ ᠳᠡᠭᠡᠷ᠎ᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠨ᠂ ᠺᠠᠳ᠋ᠷ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠵᠤ ᠢᠷᠡᠪᠡ᠃ ᠡᠨᠡ ᠵᠢᠯ ᠠᠴᠠ ᠨᠠᠰᠢ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠳᠠ ᠬᠤᠷᠠᠯ ᠢ 3 ᠤᠳᠠᠭ᠎ᠠ᠂  ᠤᠬᠠᠭᠤᠯᠤᠨ ᠲᠠᠶᠢᠯᠪᠤᠷᠢᠯᠠᠬᠤ ᠬᠤᠷᠠᠯ ᠢ 3 ᠤᠳᠠᠭ᠎ᠠ᠂  ᠪᠠᠶᠢᠴᠠᠭᠠᠨ ᠠᠬᠢᠭᠤᠯᠬᠤ ᠬᠤᠷᠠᠯ ᠢ 3 ᠤᠳᠠᠭ᠎ᠠ ᠬᠤᠷᠠᠯᠳᠤᠭᠤᠯᠵᠤ᠂  ︽ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠬᠦ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠠᠨ᠂ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ︽ᠭᠤᠷᠪᠠᠨ ᠬᠠᠮᠢᠶᠠᠷᠤᠯᠳᠠ ᠭᠤᠷᠪᠠᠨ ᠡᠷᠭᠡᠪᠰᠢ︾ ᠵᠡᠷᠭᠡ ᠠᠶᠤᠯᠭᠦᠢ ᠦᠢᠯᠡᠳᠪᠦᠷᠢᠯᠡᠯ ᠤᠨ ᠬᠠᠤᠯᠢ ᠲᠦᠷᠢᠮ ᠪᠣᠯᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ᠂ ᠴᠠᠭ ᠢᠮᠠᠭᠲᠠ ᠰᠠᠨᠠᠭ᠎ᠠ ᠠᠯᠭᠠᠰᠠᠬᠤ ᠬᠠᠷᠢᠭᠤᠴᠠᠯᠭᠠᠲᠤ ᠰᠡᠳᠬᠢᠯᠭᠡ ᠪᠠ ᠠᠮᠤᠷ ᠲᠦᠪᠰᠢᠨ ᠤ ᠤᠢᠢᠯᠠᠭᠠᠭᠳᠠᠬᠤᠨ ᠢ ᠦᠨᠡᠨᠬᠦ ᠴᠢᠩᠭᠠᠳᠬᠠᠵᠤ᠂  ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠯᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠬᠢᠵᠡᠢ᠃       — —  ᠪᠠᠶᠢᠷᠢᠯᠠᠭᠤᠯᠤᠯᠳᠠ ᠶᠢ ᠠᠳᠬᠤᠵᠤ᠂ ᠵᠣᠬᠢᠶᠠᠨ ᠪᠠᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ ᠪᠠᠢᠭᠤᠯᠤᠯ ᠲᠣᠭᠲᠠᠴᠠ ᠶᠢ ᠲᠡᠬᠦᠯᠳᠡᠷᠵᠢᠬᠦᠯᠦᠭᠰᠡᠨ᠃ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠪᠠᠭ ᠢᠶᠠᠷ ᠶᠡᠷᠦᠩᠬᠡᠶ ᠳᠠᠭᠠᠭᠤᠯᠤᠭᠴᠢ ᠪᠤᠯᠭᠠᠵᠤ ᠦᠨᠳᠦᠰᠦᠨ ᠱᠠᠲᠤᠨ ᠤ ᠺᠠᠳ᠋ᠷ ᠨᠠᠶᠢᠳᠠᠪᠤᠷᠢᠵᠢᠭᠤᠯᠤᠯᠲᠠ ᠶᠢ ᠠᠳᠬᠤᠭᠰᠠᠨᠨ ᠳᠡᠭᠡᠳᠦ ᠳᠣᠤᠷᠠᠳᠤ ᠱᠠᠲᠤᠨ ᠤ ᠬᠤᠯᠪᠤᠭᠠᠯᠠᠯ ᠤᠨ ᠲᠣᠭᠲᠠᠴᠠ ᠶᠢ ᠪᠠᠶᠢᠭᠤᠯᠤᠨ᠂ ᠭᠠᠯ ᠰᠡᠷᠭᠡᠶᠢᠯᠡᠯᠳᠡ᠂ ᠵᠠᠮ ᠬᠠᠷᠢᠯᠴᠠᠭ᠎ᠠ᠂ ᠣᠷᠣᠨ ᠰᠠᠭᠤᠴᠠ᠂ ᠬᠡᠶ ᠴᠠᠬᠢᠯᠭᠠᠨ ᠵᠡᠷᠭᠡ ᠦᠢᠯᠡᠳᠪᠦᠷᠢᠯᠡᠯ ᠠᠮᠢᠳᠤᠷᠠᠯ ᠤᠨ ᠣᠯᠠᠨ ᠲᠠᠯ᠎ᠠ ᠠᠴᠠ ᠠᠵᠢᠯ ᠤᠨ ᠪᠠᠶᠢᠷᠢᠯᠠᠭᠤᠯᠤᠯᠲᠠ ᠬᠢᠵᠦ᠂ ᠲᠣᠰᠬᠤᠨ ᠤ ᠺᠠᠳ᠋ᠷᠴᠤᠳ ᠢ ︽ᠠᠩᠬᠠᠷᠤᠯ ᠤᠨ ᠭᠤᠤᠯᠳᠠᠯᠭ᠎ᠠ︾ ᠪᠠᠨ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠬᠡᠰᠡᠭ ᠲᠤ ᠴᠢᠭᠯᠡᠭᠦᠯᠦᠨ᠂  ᠬᠡᠮ ᠰᠤᠭᠤᠭ ᠢ ᠪᠠᠶᠢᠴᠠᠭᠠᠨ ᠠᠷᠢᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃     — — ᠪᠠᠶᠢᠴᠠᠭᠠᠯᠳᠠ ᠶᠢ ᠴᠢᠩᠭᠠᠳᠬᠠᠵᠤ᠂  ︽ᠤᠯᠠᠨ ᠲᠠᠯ᠎ᠠ ᠶᠢᠨ ᠬᠦᠴᠦᠨ ᠢ ᠲᠦᠪᠯᠡᠷᠡᠬᠦᠯᠦᠨ︾ ᠭᠡᠮ ᠰᠤᠭᠤᠭ ᠢ ᠠᠷᠢᠯᠭᠠᠭᠰᠠᠨ᠃ ᠬᠤᠩ ᠴᠢ ᠪᠠᠯᠭᠠᠰᠤ ᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠲᠤᠷᠠᠨ᠂ ᠬᠡᠮ ᠰᠤᠭᠤᠭ ᠢ ᠪᠠᠶᠢᠴᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠂  ᠤᠰᠤᠯ ᠠᠳᠡᠯ ᠢ ᠡᠵᠡᠮᠳᠡᠵᠦ᠂ ᠠᠮᠤᠷ ᠲᠦᠪᠰᠢᠨ ᠢ ᠪᠠᠲᠤᠯᠠᠵᠤ ᠢᠷᠡᠵᠡᠢ᠃ ᠪᠠᠯᠭᠠᠰᠤᠨ ᠤ ᠬᠡᠪᠴᠢᠶᠡᠨ ᠳᠠᠬᠢ ᠲᠣᠰᠣ ᠨᠡᠮᠡᠬᠦ ᠥᠷᠲᠡᠭᠡ᠂ ᠠᠵᠤ ᠠᠬᠤᠶᠢᠯᠠᠯ᠂ ᠬᠤᠭᠤᠯᠠᠨ ᠬᠡᠷ᠂ ᠳᠡᠯᠭᠡᠭᠦᠷ ᠬᠤᠳᠠᠯᠳᠤᠭ᠎ᠠ ᠵᠡᠷᠭᠡ ᠳᠤ ᠨᠢᠭᠡᠳ ᠨᠢᠭᠡ ᠪᠠᠷ ᠨᠠᠷᠢᠨ ᠪᠠᠶᠢᠴᠠᠭᠠᠯᠲᠠ ᠬᠢᠵᠦ᠂ ᠠᠶᠤᠯ ᠠᠴᠠ ᠵᠠᠶᠢᠯᠠᠬᠤ ᠡᠭᠦᠳᠡ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ᠂ ᠭᠠᠯ ᠤᠨᠳᠠᠷᠠᠭᠠᠬᠤ ᠪᠠᠭᠠᠵᠢ ᠲᠦᠬᠦᠭᠡᠷᠦᠮᠵᠢ ᠨᠢ ᠪᠦᠷᠢᠨ ᠪᠦᠲᠦᠨ ᠡᠰᠡᠬᠦ᠂ ᠴᠠᠬᠢᠯᠭᠠᠨ ᠲᠠᠮᠵᠢᠭᠤᠯᠬᠤ ᠲᠤᠨᠤᠭ ᠲᠦᠬᠦᠭᠡᠷᠦᠮᠵᠢ ᠨᠢ ᠡᠪᠳᠡᠷᠡᠵᠦ ᠬᠠᠭᠤᠴᠢᠷᠠᠭᠰᠠᠨ ᠡᠰᠡᠬᠦ ᠵᠡᠷᠭᠡ ᠠᠰᠠᠭᠤᠳᠠᠯ ᠢ ᠨᠢᠮᠪᠠᠶ ᠪᠠᠶᠢᠴᠠᠭᠠᠵᠤ᠂ ᠡᠯ᠎ᠡ ᠵᠦᠢᠯ ᠤᠨ ᠰᠡᠷᠭᠡᠶᠢᠯᠡᠯᠳᠡ ᠶᠢᠨ ᠠᠵᠢᠯ ᠢ ᠰᠠᠶᠢᠨ ᠬᠢᠭᠰᠡᠨ ᠪᠠᠶᠢᠨ᠎ᠠ᠃     — — ᠤᠬᠠᠭᠤᠯᠭ᠎ᠠ ᠶᠢ ᠬᠦᠨᠵᠡᠬᠡᠶᠢᠷᠡᠬᠦᠯᠵᠦ᠂ ︽ᠬᠤᠶᠠᠷ ᠲᠠᠯ᠎ᠠ ᠶᠢ ᠵᠡᠷᠭᠡ ᠪᠠᠷ ᠠᠳᠬᠤᠨ︾ ᠠᠮᠤᠷ ᠲᠦᠪᠰᠢᠨ ᠣᠷᠴᠢᠨ ᠨᠦᠬᠦᠴᠡᠯ ᠢ ᠡᠬᠦᠳᠦᠭᠰᠡᠨ᠃ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠶᠤᠯᠭᠦᠶ ᠦᠢᠯᠡᠳᠪᠦᠷᠢᠯᠡᠯ ᠢᠶᠠᠷ ᠭᠤᠣᠯ ᠰᠢᠵᠢᠮ ᠪᠤᠯᠭᠠᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ ᠲᠠᠯ᠎ᠠ ᠠᠴᠠ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠤᠬᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ︽ᠬᠤᠶᠠᠷ ᠲᠠᠯ᠎ᠠ ᠶᠢ ᠵᠡᠷᠭᠡ ᠪᠠᠷ ᠠᠳᠬᠤᠨ︾᠂ ᠲᠤᠬᠠᠢ ᠶᠢᠨ ᠲᠠᠯᠠᠪᠤᠷ ᠲᠤ ᠤᠬᠠᠭᠤᠯᠵᠤ ᠵᠢᠯᠣᠭᠤᠳᠬᠤ ᠶᠢᠨ ᠬᠠᠮᠲᠤ ᠸᠢᠴᠠᠲ ᠲᠠᠪᠴᠠᠩ ᠤᠨ ᠦᠢᠯᠡᠳᠦᠯ ᠢ  ᠪᠠᠳᠠᠷᠠᠭᠤᠯᠤᠨ ᠤᠯᠠᠨ ᠠᠷᠭ᠎ᠠ ᠵᠠᠮ ᠢᠶᠠᠷ ᠤᠬᠠᠭᠤᠯᠭ᠎ᠠ ᠬᠢᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠭᠦᠢᠴᠡᠳ ᠲᠠᠨᠢᠭᠤᠯᠤᠨ᠂ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠪᠠ᠃    — — ᠦᠷ᠎ᠡ ᠪᠦᠲᠦᠮᠵᠢ ᠶᠢ ᠪᠠᠬᠢᠵᠢᠭᠦᠯᠵᠦ᠂  ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠭᠰᠠᠨ  ᠃ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠪᠠᠶᠢᠴᠠᠭᠠᠯᠲᠠ ᠵᠠᠰᠠᠯᠲᠠ ᠶᠢ ᠪᠣᠳᠠᠲᠠᠢ ᠠᠳᠬᠤᠵᠤ᠂ ᠡᠯ᠎ᠡ ᠲᠣᠰᠬᠤᠨ ᠤ ᠬᠢᠨ ᠤᠳᠤᠷᠢᠳᠤᠯᠭ᠎ᠠ ᠲᠠᠭᠠᠭᠤᠯᠵᠤ ᠵᠢᠵᠢᠬᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠨ ᠬᠢᠵᠦ᠂ ᠴᠢᠮᠡᠭᠡ ᠬᠤᠯᠪᠣᠭ᠎ᠠ ᠮᠡᠳᠡᠭᠡ ᠵᠠᠩᠭᠢ ᠶᠢᠨ  ᠰᠠᠭᠠᠳ ᠥᠬᠡᠶ ᠨᠡᠪᠲᠡᠷᠡᠬᠦ᠂ ᠪᠠᠴᠢᠮ ᠪᠠᠶᠢᠳᠠᠯ ᠭᠡᠨᠡᠳᠲᠡ ᠶᠢᠨ ᠬᠡᠷᠡᠭ ᠢ ᠲᠦᠷᠭᠡᠨ ᠰᠢᠢᠳᠪᠦᠷᠢᠯᠡᠬᠦ ᠪᠠ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢ ᠪᠠᠳᠤᠯᠠᠨ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂   ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂ ᠤᠯᠤᠯᠳᠠ ᠬᠦᠷᠲᠡᠮᠵᠢ ᠶᠢᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ ᠢ  ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号