ᠵᠤᠤ ᠹᠧᠢ ᠫᠧᠩ ᠠᠷᠠᠯᠵᠢᠶᠠᠴᠢᠨ ᠤᠷᠢᠬᠤ ᠪᠠᠷ ᠵᠢᠶᠠ ᠰᠢᠩ ᠬᠤᠲᠠ ᠴᠧᠩᠳᠦ᠋ ᠬᠤᠲᠠ ᠳᠤ ᠬᠦᠷᠦᠭᠰᠡᠨ
ᠨᠡᠶᠢᠲᠡᠯᠡᠭᠰᠡᠨ ᠴᠠᠭ᠄
2024/5/23
 ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠤᠨ ᠲᠠᠭᠠᠭᠤᠯᠤᠭᠰᠠᠨ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠪᠦᠯᠬᠦᠮ ᠵᠢᠶᠠ ᠰᠢᠩ ᠬᠤᠲᠠ᠂ ᠴᠧᠩᠳᠦ᠋ ᠬᠤᠲᠠ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠦᠷᠨᠢᠬᠦᠯᠵᠡᠢ᠃ ᠵᠤᠤ ᠹᠸᠢ ᠫᠧᠩ ᠵᠡᠷᠭᠡ ᠬᠦᠮᠦᠰ ᠤᠷᠢᠳ ᠬᠤᠵᠢᠳ ᠸᠧ ᠡᠯ ᠳ᠋ᠧ ᠮᠧᠢ ᠰᠢᠩ ᠠᠯᠮᠠᠰ ᠴᠢᠯᠠᠭᠤᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂  ᠶᠢᠩ ᠨᠧᠩ ᠰᠠᠭᠤᠷᠢ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠪᠠ ᠮᠡᠷᠭᠡᠵᠢᠯ ᠤᠨ ᠳᠠᠪᠠᠭᠤᠯᠢᠭ᠂ ᠢᠷᠡᠭᠡᠳᠦᠢ ᠶᠢᠨ ᠬᠥᠭᠵᠢᠯᠲᠡ ᠶᠢᠨ ᠪᠠᠶᠢᠳᠠᠯ ᠵᠡᠷᠭᠡ ᠶᠢ ᠤᠶᠢᠯᠠᠭᠠᠭᠰᠠᠨ ᠪᠠᠶᠢᠨ᠎ᠠ᠃  ᠵᠣᠣ ᠹᠧᠢ ᠫᠧᠩ ᠢᠯᠡᠷᠭᠡᠶᠢᠯᠡᠬᠦ ᠳᠡᠭᠡᠨ᠂ ᠣᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ᠥᠪᠡᠷᠮᠢᠴᠡ ᠣᠷᠣᠨ ᠪᠠᠶᠢᠷᠢ᠂ ᠰᠢᠯᠢᠳᠡᠭ ᠡᠬᠢ ᠪᠠᠶᠠᠯᠢᠭ ᠪᠠ  ᠪᠤᠬᠢᠷᠳᠤᠯ ᠦᠬᠡᠢ ᠴᠠᠬᠢᠯᠭᠠᠨ᠂  ᠴᠠᠬᠢᠯᠭᠠᠨ ᠤ ᠬᠢᠮᠳᠠ ᠦᠨ᠎ᠡ ᠳᠤ ᠲᠦᠰᠢᠭᠯᠡᠨ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠩ ᠾᠧ ᠰᠢᠨᠵᠢᠯᠡᠭᠡ ᠮᠡᠷᠭᠡᠵᠢᠯ ᠢᠶᠠᠷ ᠲᠣᠯᠣᠭᠠᠶᠢᠯᠠᠭᠤᠯᠤᠭᠰᠠᠨ ᠬᠡᠲᠦ ᠬᠠᠲᠠᠭᠤ ᠠᠵᠤ ᠦᠢᠯᠡᠰ ᠤᠨ ᠪᠥᠭᠡᠮᠨᠡᠷᠡᠯ ᠤᠨ ᠣᠷᠣᠨ ᠪᠠ ᠾᠧᠩ ᠯᠢ ᠶᠤᠸᠠᠨ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠠᠵᠤ ᠦᠢᠯᠡᠰ ᠢᠶᠠᠷ ᠲᠣᠯᠣᠭᠠᠶᠢᠯᠠᠭᠤᠯᠤᠭᠰᠠᠨ ᠴᠠᠬᠢᠯᠭᠠᠨ ᠴᠡᠨᠡᠭ ᠤᠨ ᠠᠵᠤ ᠦᠢᠯᠡᠰ ᠤᠨ ᠰᠦᠷᠦᠭᠵᠢᠯ ᠢ ᠠᠩᠬ᠎ᠠ ᠠᠯᠬᠤᠮ ᠪᠦᠷᠢᠯᠳᠦᠭᠦᠯᠪᠡ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ᠦᠷᠭᠦᠯᠵᠢᠯᠡᠨ ᠰᠢᠨ᠎ᠡ ᠮᠠᠲ᠋ᠧᠷᠢᠶᠠᠯ ᠤᠨ ᠳᠡᠭᠡᠳᠦ ᠳᠣᠤᠷᠠᠳᠤ ᠤᠷᠤᠰᠬᠠᠯ ᠲᠠᠢ ᠨᠢᠭᠲᠠ ᠤᠶᠠᠯᠳᠤᠭᠤᠯᠤᠨ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠵᠤ᠂ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠵᠤ᠂ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ᠂ ᠠᠵᠤ ᠦᠢᠯᠡᠰ ᠤᠨ ᠪᠥᠬᠦ ᠬᠡᠯᠬᠢᠶ᠎ᠡ ᠶᠢ ᠪᠣᠶ ᠪᠣᠯᠭᠠᠵᠤ᠂ ᠠᠵᠤ ᠠᠬᠤᠶᠢᠯᠠᠯ ᠢ ᠲᠠᠶᠢᠹᠤᠰᠧ ᠬᠤᠰᠢᠭᠤᠨ ᠳᠠᠭᠠᠨ ᠤᠷᠢᠵᠤ ᠪᠠᠯᠠ ᠣᠷᠣᠭᠤᠯᠤᠨ᠂ ᠬᠥᠭᠵᠢᠯᠲᠡ ᠶᠢᠨ ᠵᠠᠮ ᠢ ᠬᠠᠮᠲᠤ ᠪᠠᠷ ᠬᠠᠶᠢᠵᠤ᠂  ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠪᠡ᠃ ᠯᠢᠦ ᠶᠠ ᠱᠧᠩ᠂ ᠮᠠ ᠵᠦᠩ ᠰᠢᠶᠦ᠋ᠨ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号