ᠲᠠᠶᠢᠹᠤᠰᠧ ᠬᠤᠰᠢᠭᠤ ᠬᠢᠵᠠᠭᠠᠷ ᠲᠠᠢ ᠤᠷᠤᠨ ᠵᠠᠢ ᠳᠤ ᠠᠵᠢᠯᠯᠠᠬᠤ ᠠᠮᠤᠷ ᠲᠦᠪᠰᠢᠨ ᠤ ᠪᠣᠯᠪᠠᠰᠤᠷᠠᠯ ᠡᠷᠬᠢᠯᠡᠵᠡᠢ
ᠨᠡᠶᠢᠲᠡᠯᠡᠭᠰᠡᠨ ᠴᠠᠭ᠄
2024/5/23
  ᠪᠥᠬᠦ ᠬᠤᠰᠢᠭᠤᠨ ᠤ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠪᠠ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠢᠵᠠᠭᠠᠷ ᠲᠠᠢ ᠣᠷᠣᠨ ᠵᠠᠢ ᠳᠠᠬᠢ ᠤᠰᠤᠯ ᠠᠳᠡᠯ ᠢ ᠰᠡᠷᠭᠡᠶᠢᠯᠡᠨ ᠡᠵᠡᠮᠳᠡᠬᠦ ᠶᠢᠨ ᠲᠥᠯᠥᠭᠡ᠂ 5 ᠰᠠᠷ᠎ᠠ ᠶᠢᠨ 21 ᠤ ᠡᠳᠦᠷ ᠲᠠᠶᠢᠹᠤᠰᠧ ᠬᠤᠰᠢᠭᠤ ᠡᠯ᠎ᠡ ᠠᠵᠢᠯ ᠲᠥᠷᠥᠯ ᠤᠨ ᠬᠢᠨ ᠢ ᠵᠤᠬᠢᠶᠠᠨ ᠪᠠᠶᠢᠭᠤᠯᠵᠤ  ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠪᠣᠯᠪᠠᠰᠤᠷᠠᠯ ᠬᠢᠵᠡᠢ᠃ ᠪᠣᠯᠪᠠᠰᠤᠷᠠᠯ ᠳᠤ ᠱᠠᠨᠳᠦ᠋ᠩ ᠤᠨ ᠷᠦᠢ ᠺᠠᠩ ᠠᠮᠤᠷ ᠲᠦᠪᠰᠢᠨ ᠤ ᠦᠨᠡᠯᠡᠯᠲᠡ ᠶᠢᠨ ᠬᠢᠵᠠᠭᠠᠷᠲᠤ ᠺᠣᠮᠫᠠᠨᠢ ᠶᠢᠨ ᠲᠤᠰᠬᠠᠢ ᠮᠡᠷᠭᠡᠵᠢᠯᠲᠡᠨ ᠲᠠᠩ ᠸᠧᠢ ᠶᠢ ᠤᠷᠢᠵᠤ ᠬᠢᠴᠢᠶᠡᠯ ᠣᠷᠣᠭᠤᠯᠪᠠ᠃ ᠲᠠᠩ ᠸᠧᠢ ᠠᠴᠠ ᠦᠰᠦᠭ ᠵᠢᠷᠤᠭ ᠢ ᠬᠤᠣᠰᠯᠠᠭᠤᠯᠬᠤ᠂ ᠵᠢᠱᠢᠶ᠎ᠡ ᠲᠠᠳᠠᠵᠤ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠦᠨᠳᠦᠰᠦᠨ ᠮᠡᠳᠡᠯᠭᠡ᠂ ᠬᠡᠮ ᠰᠣᠭᠤᠭ ᠢ ᠣᠨᠣᠪᠴᠢᠲᠠᠶ ᠲᠦᠷᠭᠡᠨ ᠢᠯᠭᠠᠨ ᠲᠠᠨᠢᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠡᠯ᠎ᠡ ᠱᠠᠲᠤᠨ ᠤ ᠬᠢᠨᠠᠨ ᠬᠠᠮᠢᠶᠠᠷᠬᠤ ᠠᠵᠢᠯᠲᠠᠨ ᠪᠠ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠮᠡᠳᠡᠯᠭᠡ ᠶᠢᠨ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠪᠣᠯᠪᠠᠰᠤᠷᠠᠯ ᠤᠨ ᠳᠠᠷᠠᠭ᠎ᠠ᠂ ᠤᠯᠠᠨ ᠢᠶᠠᠷ ᠢᠶᠠᠨ ᠰᠢᠯᠢ ᠶᠢᠨ ᠭᠤᠣᠯ ᠠᠶᠢᠮᠠᠭ ᠤᠨ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂  ᠬᠢᠵᠠᠭᠠᠷ  ᠲᠠᠢ ᠣᠷᠣᠨ ᠵᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠲᠣᠭᠤᠷᠢᠨ ᠦᠵᠡᠭᠰᠡᠨ ᠪᠥᠭᠡᠳ ᠠᠬᠤᠢ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠬᠤ ᠲᠠᠭᠤᠷᠢᠶᠠᠮᠠᠯ ᠰᠣᠷᠢᠯᠲᠠ ᠬᠢᠵᠡᠢ᠃  ᠡᠨᠡ ᠤᠳᠠᠭᠠᠨ ᠤ ᠪᠤᠯᠪᠠᠰᠤᠷᠠᠯ ᠢ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠢ ᠬᠤᠢ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠪᠡ᠃ ᠪᠤᠯᠪᠠᠰᠤᠷᠠᠯ ᠢᠶᠠᠷ ᠲᠠᠮᠵᠢᠭᠠᠳ ᠡᠯ᠎ᠡ ᠠᠵᠢᠯ ᠲᠥᠷᠥᠯ ᠤᠨ  ᠬᠢᠨ ᠳᠤ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠶᠠᠪᠤᠴᠠ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢ ᠭᠦᠢᠴᠡᠳ ᠲᠠᠨᠢᠭᠤᠯᠵᠤ᠂  ᠴᠢᠬᠤᠯᠠᠳᠠᠢ ᠠᠮᠤᠷ ᠲᠦᠪᠰᠢᠨ ᠤ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠨᠡᠮᠡᠭᠳᠡᠬᠦᠯᠦᠭᠡᠳ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠭᠰᠠᠨ ᠪᠠᠶᠢᠨ᠎ᠠ᠃ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠵᠢᠴᠢ ᠬᠠᠮᠢᠶ᠎ᠠ ᠪᠦᠬᠦᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠲᠠᠨ ᠵᠡᠷᠭᠡ 120 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号