ᠲᠠᠶᠢᠹᠤᠰᠧ ᠬᠤᠰᠢᠭᠤ᠄ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭᠠᠨ ᠤ ᠰᠠᠭᠤᠷᠢᠨ ᠭᠠᠵᠠᠷ ᠪᠠᠶᠢᠭᠤᠯᠤᠭᠳᠠᠭᠰᠠᠨ
ᠨᠡᠶᠢᠲᠡᠯᠡᠭᠰᠡᠨ ᠴᠠᠭ᠄
2024/5/23
  ᠬᠡᠪ ᠴᠢᠨᠠᠷ ᠤᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠤᠶᠠᠯᠳᠤᠭᠤᠯᠤᠨ᠂ ᠰᠤᠷᠤᠭᠴᠢᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 21 ᠤ ᠡᠳᠦᠷ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠨᠢ ᠲᠠᠶᠢᠹᠤᠰᠧ ᠬᠤᠰᠢᠭᠤᠨ ᠤ ᠺᠧ ᠲᠠᠢ ᠤᠰᠤ ᠬᠠᠩᠭᠠᠬᠤ ᠤᠰᠤ ᠭᠠᠳᠠᠭᠰᠢᠯᠠᠭᠤᠯᠬᠤ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ︵ᠲᠠᠶᠢᠹᠤᠰᠧ ᠬᠤᠰᠢᠭᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ︶ ᠳᠤ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭᠠᠨ ᠤ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠺᠧ ᠲᠠᠢ ᠺᠣᠮᠫᠠᠨᠢ ᠶᠢᠨ ᠬᠠᠷᠢᠭᠤᠴᠠᠯᠭᠠᠲᠠᠨ ᠢᠯᠡᠷᠭᠡᠶᠢᠯᠡᠬᠦ ᠳᠡᠭᠡᠨ᠂ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠠᠮᠵᠢᠯᠴᠠᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠠᠵᠢᠯᠯᠠᠭᠠᠨ ᠤ ᠰᠠᠭᠤᠷᠢᠨ ᠭᠠᠵᠠᠷ ᠢ ᠪᠠᠶᠢᠭᠤᠯᠤᠭᠰᠠᠨ ᠳᠠᠭᠠᠨ ᠮᠠᠰᠢ ᠪᠠᠶᠠᠷᠳᠠᠢ  ᠪᠠᠶᠢᠨ᠎ᠠ᠂ ᠡᠨᠡᠬᠦ ᠬᠠᠮᠲᠤᠷᠠᠯᠴᠠᠭ᠎ᠠ ᠪᠠᠷ ᠲᠠᠮᠵᠢᠭᠠᠳ ᠰᠤᠷᠤᠭᠴᠢᠳ ᠲᠤ ᠦᠢᠯᠡᠳᠦᠯᠭᠡ ᠶᠢᠨ ᠲᠠᠪᠴᠠᠩ ᠬᠠᠩᠭᠠᠵᠤ᠂ ᠲᠡᠳᠡᠨ ᠢ ᠬᠠᠪᠰᠤᠷᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷ ᠤᠰᠤ ᠰᠢᠢᠳᠪᠦᠷᠢᠯᠡᠬᠦ ᠮᠡᠳᠡᠯᠭᠡ ᠶᠢ ᠤᠶᠢᠯᠠᠭᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠨᠢ ᠲᠡᠭᠡᠭᠰᠢᠯᠡᠬᠦᠯᠬᠦ ᠶᠢ ᠬᠦᠰᠡᠵᠦ ᠪᠠᠶᠢᠨ᠎ᠠ ᠭᠡᠵᠡᠢ᠃ ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠠᠵᠢᠯᠲᠠᠨ ᠤ ᠳᠠᠭᠠᠭᠤᠯᠭ᠎ᠠ ᠳᠣᠤᠷ᠎ᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠣᠭᠤᠷᠢᠨ ᠦᠵᠡᠵᠦ᠂ ᠪᠣᠬᠢᠷ ᠤᠰᠤ ᠰᠢᠢᠳᠪᠦᠷᠢᠯᠡᠬᠦ  ᠠᠯᠬᠤᠮ ᠶᠠᠪᠤᠴᠠ ᠶᠢ ᠤᠶᠢᠯᠠᠭᠠᠨ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠢ ᠲᠠᠨᠢᠵᠠᠢ᠃ ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠬᠢᠨ ᠰᠤᠷᠭᠠᠭᠤᠯᠢ ᠪᠠ ᠠᠵᠤ ᠠᠬᠤᠶᠢᠯᠠᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠰᠤᠷᠤᠭᠴᠢᠳ ᠲᠤ ᠨᠠᠩ ᠣᠯᠠᠨ ᠦᠢᠯᠡᠳᠦᠯᠭᠡ ᠳᠤ ᠤᠷᠤᠯᠴᠠᠬᠤ ᠲᠣᠬᠢᠶᠠᠯ ᠤᠯᠭᠤᠨ᠂ ᠦᠢᠯᠡᠳᠦᠯᠭᠡ ᠶᠢᠨ ᠳᠤᠮᠳᠠ ᠲᠠᠪᠳᠠᠨ ᠪᠤᠯᠪᠠᠰᠤᠷᠠᠭᠤᠯᠵᠤ ᠮᠡᠳᠡᠯᠭᠡ ᠴᠢᠳᠠᠪᠤᠷᠢ ᠶᠢ ᠨᠢ ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号