ᠲᠠᠶᠢᠹᠤᠰᠧ ᠬᠤᠰᠢᠭᠤ ᠤᠯᠠᠭᠠᠨ ᠢᠳᠡᠭᠡᠨ ᠤ ᠵᠠᠬ᠎ᠠ ᠲᠡᠯᠬᠡᠬᠦᠷ ᠲᠤ ᠴᠢᠩᠭ᠎ᠠ ᠴᠡᠭᠴᠡᠯᠡᠯᠳᠡ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/5/23
 ᠤᠯᠠᠭᠠᠨ ᠢᠳᠡᠭᠡᠨ ᠤ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂  ᠤᠯᠠᠭᠠᠨ ᠢᠳᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂  ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ ᠲᠠᠶᠢᠹᠤᠰᠧ ᠬᠤᠰᠢᠭᠤᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠨᠢ ᠵᠠᠬ᠎ᠠ ᠲᠡᠯᠬᠡᠬᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠮᠳᠤᠷᠠᠨ᠂  ᠤᠯᠠᠭᠠᠨ ᠢᠳᠡᠭᠡᠨ ᠤ ᠵᠠᠬ᠎ᠠ ᠲᠡᠯᠬᠡᠬᠦᠷ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ᠪᠦᠬᠦ ᠬᠤᠰᠢᠭᠤᠨ ᠤ ᠮᠠᠯ ᠵᠢᠭᠦᠷᠲᠡᠨ ᠨᠢᠲᠤᠯᠬᠤ ᠲᠠᠯᠠᠪᠠᠶ᠂  ᠤᠯᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠳᠤ ᠭᠦᠨᠵᠡᠭᠡᠶᠢᠷᠡᠨ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠵᠡᠩᠨᠡᠯᠲᠡ ᠶᠢᠨ ᠬᠢᠷᠢ ᠬᠡᠮ᠂ ᠢᠳᠡᠭᠡᠨ ᠤ ᠠᠷᠢᠭᠤᠨ ᠴᠡᠪᠡᠷ᠂ ᠤᠯᠠᠭᠠᠨ ᠢᠳᠡᠭᠡᠨ ᠤ ᠢᠷᠡᠯᠲᠡ ᠵᠢᠴᠢ ᠤᠷᠤᠭᠤᠯᠵᠤ ᠭᠠᠷᠭᠠᠭᠰᠠᠨ ᠭᠡᠷᠡᠴᠢ ᠪᠠᠷᠢᠮᠲᠠ᠂  ᠪᠠᠷᠠᠭ᠎ᠠ ᠤᠷᠤᠭᠤᠯᠬᠤ ᠰᠢᠯᠭᠠᠨ ᠪᠠᠶᠢᠴᠠᠭᠠᠯᠳᠠ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠨᠠᠷᠢᠨ ᠪᠠᠶᠢᠴᠠᠭᠠᠬᠤ ᠶᠢᠨ ᠬᠠᠮᠲᠤ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠲᠠᠶᠢᠯᠪᠤᠷᠢᠯᠠᠨ᠂ ᠡᠵᠡᠩᠨᠡᠭᠴᠢᠳ ᠢ  ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠢ ᠮᠡᠳᠡᠵᠦ ᠬᠠᠤᠯᠢ ᠶᠢ ᠰᠠᠬᠢᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠨ᠂ ᠬᠢᠷᠢ ᠲᠡᠩᠴᠡᠬᠦ ᠥᠬᠡᠶ ᠦᠢᠯᠡᠳᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃  ᠣᠶᠢᠯᠠᠭᠠᠭᠰᠠᠨ ᠢᠶᠠᠷ᠂ ᠡᠨᠡ ᠤᠳᠠᠭᠠᠨ ᠤ ᠲᠤᠰᠬᠠᠶ ᠴᠡᠭᠴᠡᠯᠡᠯᠳᠡ ᠨᠢ 8 ᠰᠠᠷ᠎ᠠ ᠶᠢᠨ ᠬᠤᠭᠤᠴᠠᠭ᠎ᠠ  ᠲᠠᠢ ᠶᠠᠪᠤᠭᠳᠠᠬᠤ ᠶᠤᠮ ᠪᠠᠶᠢᠨ᠎ᠠ᠃ ᠣᠲᠣ ᠪᠣᠯᠲᠠᠯ᠎ᠠ᠂ ᠨᠢᠭᠡᠨᠲᠡ 1200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 500 ᠬᠤᠪᠢ ᠤᠬᠠᠭᠤᠯᠭ᠎ᠠ ᠶᠢᠨ ᠵᠠᠷᠯᠠᠯ ᠢ ᠨᠠᠭᠠᠵᠠᠶ᠃  ᠲᠠᠶᠢᠹᠤᠰᠧ ᠬᠤᠰᠢᠭᠤ ᠨᠢ ᠡᠶᠢᠨ ᠬᠦ᠋ ︽ᠪᠦᠭᠦ ᠲᠠᠯ᠎ᠠ ᠪᠠᠷ ᠪᠠᠶᠢᠴᠠᠭᠠᠬᠤ᠂ ᠭᠤᠣᠯᠳᠠᠯᠭ᠎ᠠ ᠲᠠᠢ ᠰᠤᠭᠤᠴᠢᠨ ᠪᠠᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠲᠣᠭᠤᠷᠢᠨ ᠪᠠᠢᠴᠠᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠵᠦ᠂ ᠤᠯᠠᠭᠠᠨ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠶᠢᠵᠢᠷᠠᠭᠤᠯᠤᠨ᠂ ᠳᠤᠷ᠎ᠠ ᠪᠠᠷ ᠢᠶᠠᠨ ᠠᠯᠠᠵᠤ ᠨᠢᠲᠤᠯᠬᠤ ᠵᠡᠷᠭᠡ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂  ᠤᠯᠠᠭᠠᠨ ᠢᠳᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠠᠷᠠᠳ ᠣᠯᠠᠨ ᠳᠤ ︽ᠰᠠᠨᠠᠭ᠎ᠠ ᠠᠮᠤᠷ ᠮᠢᠬ᠎ᠠ ᠢᠳᠡᠬᠦᠯᠬᠦ︾ ᠪᠠᠷ ᠴᠢᠷᠮᠠᠶᠢᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号