ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/5/23
  5 ᠰᠠᠷ᠎ᠠ ᠶᠢᠨ 21 ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2024 ᠤᠨ ᠤ ᠲᠠᠪᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠪᠠ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠦᠪᠡᠷᠳᠡᠭᠡᠨ ᠵᠠᠰᠠᠬᠤ ᠤᠷᠤᠨ ᠢ ᠪᠦᠬᠦ ᠲᠠᠯᠠᠪᠠᠷ ᠪᠠᠶᠢᠭᠤᠯᠬᠤ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠤᠯᠠᠮᠵᠢᠯᠠᠨ ᠰᠤᠷᠤᠯᠴᠠᠪᠠ᠃ ᠨᠠᠮ ᠤᠨ ᠬᠤᠷᠢᠶᠠᠨ ᠤ ᠱᠦᠵᠢ ᠰᠥᠩ ᠹᠧᠩ ᠶᠠᠷᠢᠶᠠᠨ ᠳᠠᠭᠠᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠨ᠂ ᠰᠤᠷᠤᠯᠴᠠᠬᠤ ᠠᠭᠤᠯᠭ᠎ᠠ ᠶᠢ ᠰᠠᠶᠢᠲᠤᠷ ᠣᠶᠢᠯᠠᠭᠠᠵᠤ ᠰᠠᠶᠢᠲᠤᠷ ᠤᠬᠠᠭᠤᠯᠵᠤ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠰᠢᠶᠠᠩ ᠤᠨ ᠦᠨᠳᠦᠰᠦᠲᠡᠨ ᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠲᠣᠰ ᠰᠢᠶᠠᠩ ᠤᠨ ᠢᠶᠠᠨ ᠪᠣᠳᠠᠲᠠᠶ ᠲᠠᠢ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠠᠷᠭ᠎ᠠ ᠬᠡᠯᠪᠡᠷᠢ ᠪᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠵᠣᠷᠢᠭ ᠰᠠᠨᠠᠭ᠎ᠠ ᠶᠢ ᠤᠬᠠᠭᠤᠯᠤᠨ ᠤᠯᠠᠮᠵᠢᠯᠠᠵᠤ᠂ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃ ᠭᠤᠷᠪᠠ ᠳᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠷᠲᠤ ᠬᠤᠭᠤᠴᠠᠭᠠᠨ ᠤ ᠪᠠᠶᠢᠩᠭᠤ ᠶᠢᠨ ᠠᠵᠢᠯ ᠪᠤᠯᠭᠠᠵᠤ ᠠᠳᠬᠤᠨ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠰᠢᠩ ᠹᠦ᠋ ᠰᠢᠶᠠᠩ ᠤᠨ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号