ᠳᠤᠮᠳᠠᠳᠤ ᠤᠯᠤᠰ ᠤᠨ ᠡᠪ ᠬᠠᠮᠲᠤ ᠨᠠᠮ ᠤᠨ ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/5/23
 5 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠰᠢᠨ ᠷᠦᠨ ᠵᠢᠶᠠᠩ ᠬᠤᠷᠠᠯ ᠢ ᠡᠷᠬᠢᠯᠡᠨ ᠡᠬᠢᠯᠡᠯᠲᠡ ᠶᠢᠨ ᠦᠭᠡ ᠬᠡᠯᠡᠵᠦ᠂  ᠪᠠᠭᠠᠲᠤᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ︽ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ ᠯᠦᠸᠧ ᠲᠦᠸᠧ ᠱᠠᠨ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠦᠶ᠎ᠡ︾  ᠬᠡᠮᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠦ᠂  ᠸᠧᠨ ᠯᠢ ᠭᠠᠩ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠦᠸᠧ ᠲᠦᠸᠧ ᠱᠠᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠵᠡᠢ᠃ ᠶᠡᠭᠡ ᠬᠤᠷᠠᠯ ᠲᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠪᠠ ᠭᠡᠰᠢᠬᠦᠳ ᠤᠨ ᠲᠤᠰᠢᠶᠠᠯ ᠤᠨ ᠮᠡᠳᠡᠭᠦᠯᠦᠯᠲᠡ᠂ ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠬᠢᠨᠠᠨ ᠵᠥᠪᠯᠡᠭᠰᠡᠨ ᠪᠥᠭᠡᠳ ᠠᠷᠠᠳᠴᠢᠯᠠᠯ ᠢᠶᠠᠷ ᠰᠢᠯᠭᠠᠨ ᠦᠨᠡᠯᠡᠪᠡ᠃ ᠲᠦᠯᠦᠭᠡᠯᠡᠭᠴᠢᠳ ᠳᠤᠭᠤᠶᠢᠯᠠᠩ ᠬᠤᠪᠢᠶᠠᠵᠤ ︽ᠨᠠᠮ ᠤᠨ ᠬᠤᠷᠢᠶᠠᠨ ᠤ ᠠᠵᠢᠯ ᠤᠨ ᠮᠡᠳᠡᠬᠦᠯᠦᠯᠳᠡ︾᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ  ᠮᠡᠳᠡᠬᠦᠯᠦᠯᠳᠡ︾ ᠢ ᠶᠠᠷᠢᠯᠴᠠᠭᠰᠠᠨ ᠪᠠᠶᠢᠨ᠎ᠠ᠃ ᠬᠤᠷᠠᠯ ᠳᠡᠭᠡᠷ᠎ᠡ ᠪᠠᠰᠠ  ︽ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ︾᠂ ︽ᠯᠦᠸᠧ ᠲᠦᠸᠧ ᠱᠠᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ︾ ᠶᠢ ᠪᠠᠲᠤᠯᠠᠪᠡ᠃ ᠬᠤᠷᠠᠯ ᠠᠴᠠ᠂ 2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢᠶᠠᠷ ᠭᠠᠷᠳᠠᠴᠠ ᠪᠤᠯᠭᠠᠨ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂  ᠯᠦᠸᠧ ᠲᠦᠸᠧ ᠱᠠᠨ ᠪᠠᠯᠭᠠᠰᠤᠨ ᠤ   ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号