ᠭᠦᠨᠪᠤᠯᠠᠭ ᠰᠤᠮᠤ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/5/23
 5 ᠰᠠᠷ᠎ᠠ ᠶᠢᠨ 22 ᠤᠨ ᠡᠳᠦᠷ ᠂ ᠭᠦᠨᠪᠤᠯᠠᠭ ᠰᠤᠮᠤ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠢᠵᠦ᠂  ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠼᠠᠢ ᠸᠧᠨ ᠰᠢᠤᠢ ᠬᠤᠷᠠᠯ ᠢ ᠡᠷᠬᠢᠯᠡᠨ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠭᠠᠴᠠᠭᠠᠨ ᠤ ᠤᠳᠤᠷᠢᠳᠤᠯᠭ᠎ᠠ ᠨᠠᠷ ᠪᠠ  ᠭᠠᠴᠠᠭ᠎ᠠ ᠲᠠᠭᠠᠭᠠᠴᠢᠯᠠᠭᠰᠠᠨ ᠺᠠᠳ᠋ᠷᠴᠤᠳ ᠬᠤᠷᠠᠯ ᠳᠤ ᠣᠷᠣᠯᠴᠠᠪᠠ᠃ ᠬᠤᠷᠠᠯ ᠠᠴᠠ᠂ ᠦᠨᠳᠦᠰᠦᠨ ᠱᠠᠲᠤᠨ ᠤ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠶᠠᠪᠤᠴᠠ ᠳᠤ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠨ ᠲᠤᠤᠱᠯᠠᠭᠤᠯᠵᠤ᠂ ᠦᠨᠳᠦᠰᠦᠨ ᠱᠠᠲᠤᠨ ᠤ ᠠᠵᠢᠯᠳᠠᠳ ᠲᠤ ᠲᠦᠰᠢᠭᠯᠡᠨ᠂ ᠵᠥᠷᠢᠴᠡᠯ ᠵᠢᠭᠤᠷᠠᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠵᠤ  ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠨ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠶ᠃ ᠡᠬᠢᠨ ᠠᠴᠠ ᠨᠢ ᠰᠡᠷᠭᠡᠶᠢᠯᠡᠬᠦ ᠳᠤ  ᠰᠠᠭᠤᠷᠢᠯᠠᠵᠤ᠂ ᠣᠯᠠᠨ ᠲᠦᠮᠡᠨ ᠤ ᠬᠤᠭᠤᠷᠣᠨᠳᠣᠬᠢ ᠵᠢᠭᠤᠷᠠᠭᠠᠨ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠡᠷᠲᠡ ᠢᠯᠡᠷᠡᠬᠦᠯᠬᠦ᠂ ᠡᠷᠲᠡ ᠮᠡᠳᠡᠭᠦᠯᠬᠦ᠂ ᠡᠷᠲᠡ ᠡᠶᠡᠳᠡᠭᠦᠯᠬᠦ ᠶᠢ ᠪᠡᠶᠡᠯᠡᠬᠦᠯᠬᠦ ᠶᠢᠨ ᠬᠠᠮᠳᠤ᠂ ᠮᠥᠷᠳᠡᠨ ᠰᠤᠷᠪᠤᠯᠵᠢᠯᠠᠬᠤ ᠠᠵᠢᠯ ᠢ ᠰᠠᠶᠢᠨ ᠬᠢᠬᠦ ᠬᠡᠷᠡᠭᠲᠡᠶ᠃  ᠡᠬᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠠᠷᠢᠯᠭᠠᠬᠤ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠦᠨᠡᠨ ᠪᠤᠳᠠᠳᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃     ᠭᠡᠷ ᠪᠦᠯᠢ ᠪᠠ ᠬᠥᠷᠰᠢ ᠵᠡᠷᠭᠡᠯᠡᠳᠡᠭᠡ ᠶᠢᠨ ᠵᠢᠭᠤᠷᠠᠭᠠᠨ᠂ ᠠᠵᠤ ᠠᠬᠤᠢ ᠶᠢᠨ ᠶᠠᠪᠤᠯᠴᠠᠭ᠎ᠠ᠂ ᠭᠠᠵᠠᠷ ᠰᠢᠷᠣᠢ ᠶᠢᠨ ᠳᠠᠭᠠᠭᠠᠴᠢᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠮᠡᠳᠡᠷᠡᠯ ᠤᠨ ᠡᠪᠡᠳᠴᠢᠨ ᠲᠠᠢ ᠬᠦᠮᠦᠰ᠂ ᠡᠷᠡᠭᠦᠦ ᠶᠢᠨ ᠬᠤᠭᠤᠴᠠᠭ᠎ᠠ ᠳᠠᠭᠤᠰᠴᠤ ᠰᠤᠯᠠᠯᠠᠭᠳᠠᠭᠰᠠᠨ ᠬᠦᠮᠦᠰ᠂  ᠭᠡᠷᠡᠭ ᠤᠴᠢᠷ ᠭᠠᠷᠭᠠᠬᠤ ᠪᠤᠯᠤᠮᠵᠢ ᠲᠠᠢ ᠬᠦᠮᠦᠰ ᠵᠡᠷᠭᠡ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠪᠠ ᠪᠠᠶᠢᠴᠠᠭᠠᠯᠲᠠ ᠶᠢ ᠰᠠᠶᠢᠲᠤᠷ   ᠠᠳᠬᠤᠨ᠂  ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠵᠤ  ᠂ ᠠᠷᠠᠳ ᠤᠯᠠᠨ ᠤ ᠠᠵᠠ ᠵᠢᠷᠭᠠᠯ ᠤᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ   ᠨᠡᠮᠡᠭᠳᠡᠬᠦᠯᠦᠨ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠠᠶᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号