ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠤᠯᠢ ᠵᠥᠷᠢᠴᠡᠭᠰᠡᠨ ᠠᠵᠢᠯᠯᠠᠭ᠎ᠠ ᠳᠤ ᠲᠤᠰᠬᠠᠶ  ᠴᠡᠭᠴᠡᠯᠡᠯᠳᠡ ᠬᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/5/24
   ᠵᠠᠮ ᠬᠠᠷᠢᠯᠴᠠᠭᠠᠨ ᠤ ᠡᠮᠬᠢ ᠲᠢᠭᠯᠢᠮ ᠢ ᠤᠯᠠᠮ ᠲᠦᠷᠢᠮᠵᠢᠬᠦᠯᠵᠦ᠂ ᠠᠮᠤᠷ ᠲᠦᠪᠰᠢᠨ᠂ ᠪᠣᠯᠪᠠᠰᠤᠨ ᠰᠠᠶᠢᠬᠠᠨ᠂ ᠡᠮᠬᠢ ᠲᠢᠭᠯᠡᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠡᠷᠭᠡᠶᠢᠯᠡᠨ᠂  ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠲᠤᠰ ᠡᠳᠦᠷ ᠠᠴᠠ ᠡᠬᠢᠯᠡᠨ ᠪᠦᠬᠦ ᠬᠤᠰᠢᠭᠤᠨ ᠤ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠤᠯᠢ ᠵᠥᠷᠢᠴᠡᠭᠰᠡᠨ ᠠᠵᠢᠯᠯᠠᠭ᠎ᠠ ᠳᠤ ᠲᠤᠰᠬᠠᠢ  ᠴᠡᠭᠴᠡᠯᠡᠯᠳᠡ ᠬᠢᠬᠦ ᠪᠠᠷ ᠪᠤᠯᠤᠭᠠᠳ ᠬᠠᠮᠢᠶ᠎ᠠ ᠪᠦᠬᠦᠢ ᠤᠴᠢᠷ ᠢ ᠲᠤᠤᠷᠠᠬᠢ ᠮᠡᠳᠦ ᠵᠠᠷᠯᠠᠨ ᠮᠡᠳᠡᠭᠳᠡᠪᠡ᠄    ᠨᠢᠭᠡ᠂  ᠴᠡᠭᠴᠡᠯᠡᠬᠦ ᠴᠠᠭ᠄ 2024 ᠣᠨ ᠤ 5 ᠰᠠᠷ᠎ᠠ ᠶᠢᠨ 23᠎ ᠤ ᠡᠳᠦᠷ ᠠᠴᠠ  12 ᠰᠠᠷ᠎ᠠ ᠶᠢᠨ 31᠎ ᠤ ᠡᠳᠦᠷ ᠬᠦᠷᠳᠡᠯ᠎ᠡ ︵ᠡᠳᠦᠷ ᠰᠥᠨᠢ ᠢᠯᠭᠠᠬᠤ ᠦᠬᠡᠢ︶    ᠬᠤᠶᠠᠷ᠂ ᠴᠡᠭᠴᠡᠯᠡᠬᠦ ᠬᠡᠪᠴᠢᠶ᠎ᠡ᠄ ᠪᠦᠬᠦ ᠬᠤᠰᠢᠭᠤ    ᠭᠤᠷᠪᠠ᠂ ᠴᠡᠭᠴᠡᠯᠡᠬᠦ ᠨᠢᠭᠤᠷᠯᠠᠯ᠄ ᠬᠤᠶᠠᠷ ᠬᠦᠷᠳᠦᠳᠦ᠂ ᠭᠤᠷᠪᠠᠨ ᠬᠦᠷᠳᠦᠲᠦ᠂  ᠳᠥᠷᠪᠡᠨ ᠬᠦᠷᠳᠦᠲᠦ  ᠵᠡᠷᠭᠡ ᠪᠦᠬᠦᠶᠢᠯᠡ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠠᠭᠳᠠᠭᠠᠨ᠎ᠠ᠃   ᠳᠥᠷᠪᠡ  ᠴᠡᠭᠴᠡᠯᠡᠬᠦ ᠭᠤᠤᠯᠳᠠᠯᠭ᠎ᠠ᠄  ᠳᠤᠭᠤᠯᠠᠭ᠎ᠠ ᠡᠮᠦᠰᠬᠦ ᠦᠬᠡᠢ ᠵᠢᠯᠤᠭᠤᠳᠬᠤ᠂  ᠠᠷᠢᠬᠢ ᠤᠤᠭᠤᠭᠠᠳ ᠵᠢᠯᠣᠭᠤᠳᠬᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠃  ᠲᠤᠭᠳᠠᠭᠰᠠᠨ ᠵᠠᠮ ᠢᠶᠠᠷ ᠶᠠᠪᠤᠬᠤ ᠥᠬᠡᠶ᠂ ᠡᠰᠡᠷᠭᠦ ᠴᠢᠭᠯᠡᠯ ᠢᠶᠠᠷ ᠠᠶᠠᠯᠠᠬᠤ᠂ ᠤᠯᠠᠭᠠᠨ ᠳ᠋ᠧᠩ ᠢ ᠦᠯᠦ ᠬᠠᠶᠢᠬᠤᠷᠬᠤ᠂ 16 ᠨᠠᠰᠤ ᠬᠦᠷᠦᠭᠡᠳᠦᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠬᠤ᠃ ᠭᠤᠷᠪᠠᠨ ᠬᠦᠷᠳᠦᠳᠦ᠂ ᠳᠥᠷᠪᠡᠨ ᠬᠦᠷᠳᠦᠲᠦ ᠲᠡᠷᠭᠡ ᠨᠢ ᠬᠠᠤᠯᠢ ᠠᠴᠠ ᠵᠦᠷᠢᠴᠡᠨ ᠬᠥᠮᠦᠨ ᠰᠠᠭᠤᠯᠭᠠᠵᠤ ᠪᠠᠷᠠᠭ᠎ᠠ ᠲᠡᠭᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ᠃    ᠲᠠᠪᠤ᠂ ᠪᠣᠳᠠᠲᠠᠶ ᠱᠠᠭᠠᠷᠳᠠᠯᠭ᠎ᠠ᠄  ᠴᠡᠭᠴᠡᠯᠡᠯᠳᠡ ᠬᠢᠬᠦ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠸᠢᠴᠠᠲ᠂ ᠰᠦᠯᠵᠢᠶ᠎ᠡ᠂ ᠷᠠᠳᠢᠣ᠋  ᠂ ᠰᠣᠨᠢᠨ ᠵᠡᠷᠭᠡ ᠲᠠᠪᠴᠠᠩ ᠢᠶᠠᠷ ᠲᠠᠮᠵᠢᠨ ᠨᠡᠶᠢᠬᠡᠮ ᠨᠡᠶᠢᠳᠡ ᠳᠤ ᠢᠯᠡᠴᠢᠯᠡᠨ ᠮᠡᠳᠡᠭᠳᠡᠨ᠎ᠡ᠃ 16 ᠨᠠᠰᠤᠨ ᠠᠴᠠ ᠳᠣᠷᠣᠭᠰᠢᠬᠢ ᠰᠤᠷᠤᠭᠴᠢᠳ ᠬᠠᠤᠯᠢ ᠪᠤᠰᠤ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠭᠰᠠᠨ ᠪᠤᠯ ᠲᠡᠷᠭᠡ ᠶᠢ ᠨᠢ ᠦᠯᠡᠳᠡᠭᠡᠨ ᠠᠪᠬᠤ ᠶᠢᠨ ᠬᠠᠮᠳᠤ ᠭᠡᠷ ᠤᠨ ᠠᠬᠠᠮᠠᠳ ᠪᠠ ᠰᠤᠷᠭᠠᠭᠤᠯᠢ  ᠎ ᠳᠤᠨᠢ ᠮᠡᠳᠡᠭᠳᠡᠵᠦ᠂ ᠰᠢᠬᠦᠮᠵᠢᠯᠡᠨ ᠰᠤᠷᠭᠠᠵᠤ ᠴᠡᠭᠴᠡᠯᠡᠨ ᠵᠠᠯᠠᠷᠠᠭᠤᠯᠤᠨ᠎ᠠ᠃ ᠬᠠᠤᠯᠢ  ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠶᠤᠰᠤᠭᠠᠷ ᠰᠢᠳᠬᠡᠵᠦ ᠰᠢᠳᠬᠡᠨ ᠲᠤᠷᠭᠠᠨ᠎ᠠ᠃ ᠵᠠᠷᠯᠢᠭ ᠵᠠᠬᠢᠶ᠎ᠠ ᠎ ᠶᠢ ᠲᠠᠭᠠᠬᠤ ᠦᠬᠡᠢ ᠠᠯᠪᠠᠨ ᠠᠵᠢᠯ ᠢ ᠬᠠᠷᠰᠢᠯᠠᠢᠪᠠᠯ᠂ ᠬᠤᠯᠪᠣᠭᠳᠠᠯ ᠪᠦᠬᠦᠢ ᠬᠠᠤᠯᠢ ᠲᠦᠷᠢᠮ ᠤᠨ ᠲᠠᠭᠠᠤ ᠴᠢᠩᠭ᠎ᠠ ᠰᠢᠳᠬᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯᠠᠳᠤ ᠠᠵᠢᠯᠯᠠᠭ᠎ᠠ ᠪᠤᠯᠤᠭᠰᠠᠨ ᠪᠤᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠣᠯᠠᠨ ᠲᠦᠮᠡᠨ ᠡᠷᠭᠡᠪᠰᠢ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠳᠠᠭᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠶᠠᠪᠤᠵᠤ ᠰᠠᠭᠤᠬᠤ ᠪᠠᠨ ᠪᠤᠯᠪᠠᠰᠤᠨ ᠪᠠᠶᠢᠯᠭᠠᠵᠤ᠂  ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ  ᠨᠦᠬᠦᠴᠡᠯ ᠪᠠ  ᠠᠮᠤᠷ ᠲᠦᠪᠰᠢᠨ ᠨᠡᠶᠢᠬᠡᠮ ᠤᠨ ᠣᠷᠴᠢᠨ ᠨᠦᠬᠦᠴᠡᠯ ᠢ ᠬᠠᠮᠲᠤᠪᠠᠷ ᠪᠣᠶ ᠪᠣᠯᠭᠠᠬᠤ ᠬᠡᠷᠡᠭᠲᠡᠶ᠃                                          ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                        ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                     2024 ᠤᠨ ᠤ 5 ᠰᠠᠷ᠎ᠠ ᠶᠢᠨ 23᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号