ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠤᠯᠢ ᠵᠥᠷᠢᠴᠡᠭᠰᠡᠨ ᠠᠵᠢᠯᠯᠠᠭ᠎ᠠ ᠳᠤ ᠲᠤᠰᠬᠠᠶ  ᠴᠡᠭᠴᠡᠯᠡᠯᠳᠡ ᠬᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/5/24
   ᠵᠠᠮ ᠬᠠᠷᠢᠯᠴᠠᠭᠠᠨ ᠤ ᠡᠮᠬᠢ ᠲᠢᠭᠯᠢᠮ ᠢ ᠤᠯᠠᠮ ᠲᠦᠷᠢᠮᠵᠢᠬᠦᠯᠵᠦ᠂ ᠠᠮᠤᠷ ᠲᠦᠪᠰᠢᠨ᠂ ᠪᠣᠯᠪᠠᠰᠤᠨ ᠰᠠᠶᠢᠬᠠᠨ᠂ ᠡᠮᠬᠢ ᠲᠢᠭᠯᠡᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠡᠷᠭᠡᠶᠢᠯᠡᠨ᠂  ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠲᠤᠰ ᠡᠳᠦᠷ ᠠᠴᠠ ᠡᠬᠢᠯᠡᠨ ᠪᠦᠬᠦ ᠬᠤᠰᠢᠭᠤᠨ ᠤ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠤᠯᠢ ᠵᠥᠷᠢᠴᠡᠭᠰᠡᠨ ᠠᠵᠢᠯᠯᠠᠭ᠎ᠠ ᠳᠤ ᠲᠤᠰᠬᠠᠢ  ᠴᠡᠭᠴᠡᠯᠡᠯᠳᠡ ᠬᠢᠬᠦ ᠪᠠᠷ ᠪᠤᠯᠤᠭᠠᠳ ᠬᠠᠮᠢᠶ᠎ᠠ ᠪᠦᠬᠦᠢ ᠤᠴᠢᠷ ᠢ ᠲᠤᠤᠷᠠᠬᠢ ᠮᠡᠳᠦ ᠵᠠᠷᠯᠠᠨ ᠮᠡᠳᠡᠭᠳᠡᠪᠡ᠄    ᠨᠢᠭᠡ᠂  ᠴᠡᠭᠴᠡᠯᠡᠬᠦ ᠴᠠᠭ᠄ 2024 ᠣᠨ ᠤ 5 ᠰᠠᠷ᠎ᠠ ᠶᠢᠨ 23 ᠤ ᠡᠳᠦᠷ ᠠᠴᠠ  12 ᠰᠠᠷ᠎ᠠ ᠶᠢᠨ 31 ᠤ ᠡᠳᠦᠷ ᠬᠦᠷᠳᠡᠯ᠎ᠡ ︵ᠡᠳᠦᠷ ᠰᠥᠨᠢ ᠢᠯᠭᠠᠬᠤ ᠦᠬᠡᠢ︶    ᠬᠤᠶᠠᠷ᠂ ᠴᠡᠭᠴᠡᠯᠡᠬᠦ ᠬᠡᠪᠴᠢᠶ᠎ᠡ᠄ ᠪᠦᠬᠦ ᠬᠤᠰᠢᠭᠤ    ᠭᠤᠷᠪᠠ᠂ ᠴᠡᠭᠴᠡᠯᠡᠬᠦ ᠨᠢᠭᠤᠷᠯᠠᠯ᠄ ᠬᠤᠶᠠᠷ ᠬᠦᠷᠳᠦᠳᠦ᠂ ᠭᠤᠷᠪᠠᠨ ᠬᠦᠷᠳᠦᠲᠦ᠂  ᠳᠥᠷᠪᠡᠨ ᠬᠦᠷᠳᠦᠲᠦ  ᠵᠡᠷᠭᠡ ᠪᠦᠬᠦᠶᠢᠯᠡ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠠᠭᠳᠠᠭᠠᠨ᠎ᠠ᠃   ᠳᠥᠷᠪᠡ  ᠴᠡᠭᠴᠡᠯᠡᠬᠦ ᠭᠤᠤᠯᠳᠠᠯᠭ᠎ᠠ᠄  ᠳᠤᠭᠤᠯᠠᠭ᠎ᠠ ᠡᠮᠦᠰᠬᠦ ᠦᠬᠡᠢ ᠵᠢᠯᠤᠭᠤᠳᠬᠤ᠂  ᠠᠷᠢᠬᠢ ᠤᠤᠭᠤᠭᠠᠳ ᠵᠢᠯᠣᠭᠤᠳᠬᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠃  ᠲᠤᠭᠳᠠᠭᠰᠠᠨ ᠵᠠᠮ ᠢᠶᠠᠷ ᠶᠠᠪᠤᠬᠤ ᠥᠬᠡᠶ᠂ ᠡᠰᠡᠷᠭᠦ ᠴᠢᠭᠯᠡᠯ ᠢᠶᠠᠷ ᠠᠶᠠᠯᠠᠬᠤ᠂ ᠤᠯᠠᠭᠠᠨ ᠳ᠋ᠧᠩ ᠢ ᠦᠯᠦ ᠬᠠᠶᠢᠬᠤᠷᠬᠤ᠂ 16 ᠨᠠᠰᠤ ᠬᠦᠷᠦᠭᠡᠳᠦᠢ ᠪᠠᠷ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠬᠤ᠃ ᠭᠤᠷᠪᠠᠨ ᠬᠦᠷᠳᠦᠳᠦ᠂ ᠳᠥᠷᠪᠡᠨ ᠬᠦᠷᠳᠦᠲᠦ ᠲᠡᠷᠭᠡ ᠨᠢ ᠬᠠᠤᠯᠢ ᠠᠴᠠ ᠵᠦᠷᠢᠴᠡᠨ ᠬᠥᠮᠦᠨ ᠰᠠᠭᠤᠯᠭᠠᠵᠤ ᠪᠠᠷᠠᠭ᠎ᠠ ᠲᠡᠭᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ᠃    ᠲᠠᠪᠤ᠂ ᠪᠣᠳᠠᠲᠠᠶ ᠱᠠᠭᠠᠷᠳᠠᠯᠭ᠎ᠠ᠄  ᠴᠡᠭᠴᠡᠯᠡᠯᠳᠡ ᠬᠢᠬᠦ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠸᠢᠴᠠᠲ᠂ ᠰᠦᠯᠵᠢᠶ᠎ᠡ᠂ ᠷᠠᠳᠢᠣ᠋  ᠂ ᠰᠣᠨᠢᠨ ᠵᠡᠷᠭᠡ ᠲᠠᠪᠴᠠᠩ ᠢᠶᠠᠷ ᠲᠠᠮᠵᠢᠨ ᠨᠡᠶᠢᠬᠡᠮ ᠨᠡᠶᠢᠳᠡ ᠳᠤ ᠢᠯᠡᠴᠢᠯᠡᠨ ᠮᠡᠳᠡᠭᠳᠡᠨ᠎ᠡ᠃ 16 ᠨᠠᠰᠤᠨ ᠠᠴᠠ ᠳᠣᠷᠣᠭᠰᠢᠬᠢ ᠰᠤᠷᠤᠭᠴᠢᠳ ᠬᠠᠤᠯᠢ ᠪᠤᠰᠤ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠭᠰᠠᠨ ᠪᠤᠯ ᠲᠡᠷᠭᠡ ᠶᠢ ᠨᠢ ᠦᠯᠡᠳᠡᠭᠡᠨ ᠠᠪᠬᠤ ᠶᠢᠨ ᠬᠠᠮᠳᠤ ᠭᠡᠷ ᠤᠨ ᠠᠬᠠᠮᠠᠳ ᠪᠠ ᠰᠤᠷᠭᠠᠭᠤᠯᠢ   ᠳᠤᠨᠢ ᠮᠡᠳᠡᠭᠳᠡᠵᠦ᠂ ᠰᠢᠬᠦᠮᠵᠢᠯᠡᠨ ᠰᠤᠷᠭᠠᠵᠤ ᠴᠡᠭᠴᠡᠯᠡᠨ ᠵᠠᠯᠠᠷᠠᠭᠤᠯᠤᠨ᠎ᠠ᠃ ᠬᠠᠤᠯᠢ  ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠶᠤᠰᠤᠭᠠᠷ ᠰᠢᠳᠬᠡᠵᠦ ᠰᠢᠳᠬᠡᠨ ᠲᠤᠷᠭᠠᠨ᠎ᠠ᠃ ᠵᠠᠷᠯᠢᠭ ᠵᠠᠬᠢᠶ᠎ᠠ  ᠶᠢ ᠲᠠᠭᠠᠬᠤ ᠦᠬᠡᠢ ᠠᠯᠪᠠᠨ ᠠᠵᠢᠯ ᠢ ᠬᠠᠷᠰᠢᠯᠠᠢᠪᠠᠯ᠂ ᠬᠤᠯᠪᠣᠭᠳᠠᠯ ᠪᠦᠬᠦᠢ ᠬᠠᠤᠯᠢ ᠲᠦᠷᠢᠮ ᠤᠨ ᠲᠠᠭᠠᠤ ᠴᠢᠩᠭ᠎ᠠ ᠰᠢᠳᠬᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯᠠᠳᠤ ᠠᠵᠢᠯᠯᠠᠭ᠎ᠠ ᠪᠤᠯᠤᠭᠰᠠᠨ ᠪᠤᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠣᠯᠠᠨ ᠲᠦᠮᠡᠨ ᠡᠷᠭᠡᠪᠰᠢ ᠵᠠᠮ ᠬᠠᠷᠢᠯᠴᠠᠭᠠᠨ ᠤ ᠬᠠᠤᠯᠢ ᠲᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠳᠠᠭᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠶᠠᠪᠤᠵᠤ ᠰᠠᠭᠤᠬᠤ ᠪᠠᠨ ᠪᠤᠯᠪᠠᠰᠤᠨ ᠪᠠᠶᠢᠯᠭᠠᠵᠤ᠂  ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ  ᠨᠦᠬᠦᠴᠡᠯ ᠪᠠ  ᠠᠮᠤᠷ ᠲᠦᠪᠰᠢᠨ ᠨᠡᠶᠢᠬᠡᠮ ᠤᠨ ᠣᠷᠴᠢᠨ ᠨᠦᠬᠦᠴᠡᠯ ᠢ ᠬᠠᠮᠲᠤᠪᠠᠷ ᠪᠣᠶ ᠪᠣᠯᠭᠠᠬᠤ ᠬᠡᠷᠡᠭᠲᠡᠶ᠃                                          ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                        ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                     2024 ᠤᠨ ᠤ 5 ᠰᠠᠷ᠎ᠠ ᠶᠢᠨ 23 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号