ᠲᠠᠶᠢᠹᠤᠰᠧ ᠬᠤᠰᠢᠭᠤ᠄ ᠨᠢᠭᠡᠳᠦᠮᠡᠯ ᠹᠷᠣᠨᠲ ᠤᠨ ︽ᠲᠦᠷᠪᠡᠨ ᠨᠢᠬᠡᠳᠭᠡᠯ︾ ᠢᠶᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/28
  — —  ᠬᠠᠮᠳᠤᠷᠠᠨ ᠬᠤᠯᠪᠤᠭᠠᠯᠠᠬᠤ ᠦᠢᠯᠡᠳᠦᠯ ᠢ ᠪᠠᠳᠠᠷᠠᠭᠤᠯᠵᠤ᠂ ᠦᠵᠡᠯ ᠰᠠᠨᠠᠭᠠᠨ ᠤ ᠲᠠᠯᠠᠪᠠᠷ ᠰᠡᠳᠬᠢᠯ ᠢ ᠨᠢᠭᠡᠳᠭᠡᠭᠰᠡᠨ᠃ ᠨᠢᠭᠡᠳᠦᠮᠡᠯ ᠹᠷᠣᠨᠲ ᠤᠨ ᠥᠷᠭᠡᠨ ᠳᠡᠯᠭᠡᠷ ᠬᠠᠷᠢᠯᠴᠠᠭᠠᠨ ᠤ ᠳᠠᠪᠠᠭᠤᠯᠢᠭ ᠢ ᠪᠠᠳᠠᠷᠠᠭᠤᠯᠵᠤ᠂  ᠬᠠᠮᠢᠭ᠎ᠠ ᠬᠠᠮᠢᠭᠠᠰᠢ ᠪᠠᠨ ᠨᠡᠶᠢᠳᠡᠮ ᠬᠠᠮᠤᠷᠤᠭᠰᠠᠨ ᠬᠢᠨᠠᠯᠲᠠ ᠬᠠᠮᠢᠶᠠᠷᠤᠯᠲᠠ ᠶᠢ ᠭᠡᠷᠡᠭᠵᠢᠬᠦᠯᠵᠦ᠂ ᠶᠡᠷᠦᠩᠬᠡᠶᠢᠯᠡᠨ ᠠᠳᠬᠤᠬᠤ᠂ ᠵᠣᠬᠢᠴᠠᠭᠤᠯᠬᠤ᠂ ᠨᠠᠶᠢᠳᠠᠪᠤᠷᠢᠵᠢᠭᠤᠯᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠤᠯᠭᠠᠨ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠭᠡᠰᠢᠬᠦᠳ ᠢ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢ ᠡᠷᠡᠰ  ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠭᠰᠡᠨ ᠪᠠᠶᠢᠨ᠎ᠠ᠃  ᠲᠤᠰ ᠬᠤᠰᠢᠭᠤ ᠨᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠠᠬᠢᠭᠤᠯᠭ᠎ᠠ ᠶᠢᠨ ᠬᠤᠷᠠᠯ᠂ ᠰᠤᠷᠤᠯᠴᠠᠯᠭ᠎ᠠ ᠪᠣᠯᠪᠠᠰᠤᠷᠠᠯ ᠤᠨ ᠬᠤᠷᠠᠯ ᠵᠡᠷᠭᠡ ᠶᠢ 14 ᠤᠳᠠᠭ᠎ᠠ ᠵᠣᠬᠢᠶᠠᠨ  ᠪᠠᠶᠢᠭᠤᠯᠵᠤ ᠬᠤᠷᠠᠯᠳᠤᠭᠤᠯᠤᠨ᠂ 41 ᠪᠠᠶᠢᠭᠤᠯᠭ᠎ᠠ ᠨᠢᠭᠡᠴᠡ᠂ 5 ᠡᠪᠯᠡᠯ ᠪᠦᠯᠬᠦᠮ ᠢ ᠬᠠᠮᠤᠷᠴᠤ᠂  ᠲᠠᠯ᠎ᠠ ᠲᠠᠯ᠎ᠠ ᠶᠢᠨ ᠬᠦᠴᠦᠨ ᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠵᠠᠰᠠᠭ ᠤᠨ ᠠᠵᠢᠯ ᠤᠨ ᠰᠠᠭᠠᠳ ᠥᠬᠡᠶ ᠶᠠᠪᠤᠭᠳᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠳᠤᠯᠠᠵᠠᠢ᠃     — — ᠬᠠᠮᠲᠤ ᠪᠠᠷ ᠵᠥᠪᠳᠡᠯᠴᠡᠬᠦ ᠦᠢᠯᠡᠳᠦᠯ ᠢ ᠪᠠᠳᠠᠷᠠᠭᠤᠯᠵᠤ᠂  ᠦᠢᠯᠡ ᠠᠵᠢᠯᠯᠠᠭᠠᠨ ᠤ ᠲᠠᠯᠠᠪᠠᠷ ᠠᠯᠬᠤᠭ᠎ᠠ ᠶᠢ ᠨᠢᠭᠡᠳᠭᠡᠭᠰᠡᠨ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠶᠢᠨ ᠬᠡᠷ ᠪᠦᠯᠢ ᠵᠡᠷᠭᠡ ᠶᠢ ᠤᠷᠢᠵᠤ ᠡᠯ᠎ᠡ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠤᠯᠤᠨ᠂ ᠡᠯ᠎ᠡ ᠲᠥᠷᠥᠯ ᠤᠨ ᠪᠣᠯᠪᠠᠰᠤᠷᠠᠯ ᠳᠤ ᠤᠷᠤᠯᠴᠠᠭᠤᠯᠵᠤ᠂ ᠵᠠᠰᠠᠭ ᠤᠨ ᠶᠠᠪᠤᠳᠠᠯ ᠢ ᠰᠤᠨᠤᠰᠤᠭᠤᠯᠤᠨ᠂ ᠵᠠᠰᠠᠭ ᠤᠨ ᠶᠠᠪᠤᠳᠠᠯ ᠢ ᠤᠶᠢᠯᠠᠭᠠᠭᠤᠯᠵᠤ᠂ ᠵᠠᠰᠠᠭ ᠤᠨ ᠶᠠᠪᠤᠳᠠᠯ ᠢ  ᠵᠦᠪᠯᠡᠬᠦᠯᠪᠡ᠃ ᠵᠣᠬᠢᠴᠠᠭᠤᠯᠬᠤ ᠬᠤᠷᠠᠯ᠂ ᠶᠠᠷᠢᠯᠴᠠᠬᠤ ᠬᠤᠷᠠᠯ ᠵᠡᠷᠭᠡ ᠶᠢ 6 ᠤᠳᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠤᠭᠠᠳ᠂ ᠲᠠᠶᠢᠹᠤᠰᠧ ᠬᠤᠰᠢᠭᠤᠨ ᠤ ᠪᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠮᠲᠤ ᠪᠠᠷ ᠵᠦᠪᠳᠡᠯᠴᠡᠵᠦ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠰᠡᠳᠬᠢᠯ ᠨᠢᠬᠡᠳᠦᠨ  ᠬᠠᠮᠳᠤ ᠪᠠᠷ ᠤᠷᠤᠭᠰᠢᠯᠠᠬᠤ ᠶᠢ ᠪᠡᠶᠡᠯᠡᠬᠦᠯᠵᠡᠢ᠃    — — ᠬᠠᠮᠲᠤ ᠪᠠᠷ ᠪᠠᠶᠢᠭᠤᠯᠬᠤ ᠦᠢᠯᠡᠳᠦᠯ ᠢ ᠪᠠᠳᠠᠷᠠᠭᠤᠯᠵᠤ᠂ ᠬᠠᠷᠠᠯᠲᠠ ᠵᠤᠷᠢᠯᠳᠠ ᠶᠢᠨ ᠲᠠᠯᠠᠪᠠᠷ ᠴᠢᠭᠯᠡᠯ ᠢ ᠨᠢᠭᠡᠳᠭᠡᠭᠰᠡᠨ᠃  ︽ᠨᠢᠭᠡᠳᠦᠮᠡᠯ ᠹᠷᠣᠨᠲ ᠤᠨ ᠭᠡᠷ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠣᠯ ᠰᠡᠳᠦᠪᠲᠦ ᠴᠡᠴᠡᠷᠯᠢᠭ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠬᠦᠳᠡᠯᠪᠦᠷᠢ ᠠᠵᠢᠯᠯᠠᠭᠠᠨ ᠤ ᠲᠠᠰᠤᠭ᠂ ︽ᠬᠠᠷᠢᠶᠠᠲᠤ ᠨᠠᠷ ᠤᠨ ᠭᠡᠷ︾᠂ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ 200 ᠰᠢᠬᠠᠮ ᠨᠢᠭᠡᠳᠦᠮᠡᠯ ᠹᠷᠣᠨᠲ ᠤᠨ ᠰᠠᠭᠤᠷᠢᠨ ᠭᠠᠵᠠᠷ ᠢ ᠪᠠᠶᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠯᠴᠠᠬᠤ ᠠᠷᠭ᠎ᠠ ᠵᠠᠮ ᠢ ᠰᠢᠯᠤᠭᠤᠳᠬᠠᠨ᠂ ᠨᠢᠭᠡᠳᠦᠮᠡᠯ ᠹᠷᠣᠨᠲ ᠤᠨ ᠭᠡᠰᠢᠬᠦᠳ ᠲᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠨ ᠬᠦᠨᠳᠦᠳᠬᠡᠬᠦ᠂ ᠬᠠᠷᠢᠯᠴᠠᠨ ᠪᠠᠭᠳᠠᠭᠠᠬᠤ᠂ ᠬᠠᠷᠢᠯᠴᠠᠨ ᠠᠬᠢᠭᠤᠯᠬᠤ᠂ ᠡᠶ᠎ᠡ ᠨᠠᠶᠢᠷᠠᠮᠳᠠᠭᠤ ᠬᠠᠮᠲᠤ ᠣᠷᠣᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠬᠦᠨᠵᠡᠬᠡᠶᠢᠷᠡᠬᠦᠯᠦᠨ᠂ ᠥᠷᠭᠡᠨ ᠤᠯᠠᠨ ᠨᠢᠭᠡᠳᠦᠮᠡᠯ ᠹᠷᠣᠨᠲ ᠤᠨ ᠭᠡᠰᠢᠬᠦᠳ ᠤᠨ ᠬᠠᠷᠢᠶᠠᠯᠠᠯ ᠤᠨ ᠰᠡᠳᠬᠢᠯᠭᠡ ᠶᠢ ᠲᠠᠰᠤᠷᠠᠯᠳᠠ ᠦᠭᠡᠢ ᠴᠢᠩᠭᠠᠳᠬᠠᠭᠰᠠᠨ ᠪᠠᠶᠢᠨ᠎ᠠ᠃     — — ᠬᠠᠮᠲᠤ ᠪᠠᠷ ᠡᠳ᠋ᠯᠡᠬᠦ ᠦᠢᠯᠡᠳᠦᠯ ᠢ ᠪᠠᠳᠠᠷᠠᠭᠤᠯᠵᠤ᠂ ᠤᠷᠤᠭᠰᠢᠯᠠᠯ ᠲᠠᠪᠰᠢᠯᠳᠠ ᠶᠢᠨ ᠲᠠᠯᠠᠪᠠᠷ ᠵᠠᠮ ᠢ ᠨᠢᠬᠡᠳᠭᠡᠭᠰᠡᠨ᠃ ᠨᠠᠮ ᠤᠨ ᠭᠠᠳᠠᠨᠠᠬᠢ ᠰᠡᠬᠡᠭᠡᠲᠡᠨ᠂  ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠬᠠᠷᠢᠯᠴᠠᠨ ᠰᠣᠯᠢᠯᠴᠠᠬᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ ᠶᠢ ᠬᠥᠲᠥᠯᠦᠨ ᠵᠢᠯᠣᠭᠤᠳᠴᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠨᠥᠬᠦᠷᠯᠡᠯ ᠤᠨ ᠠᠵᠢᠯᠯᠠᠭ᠎ᠠ᠂  ᠬᠠᠯᠠᠮᠵᠢ ᠬᠠᠨᠳᠢᠪ ᠤᠨ ᠠᠵᠢᠯᠯᠠᠭ᠎ᠠ ᠵᠡᠷᠭᠡ ᠶᠢ 18 ᠤᠳᠠᠭ᠎ᠠ ᠵᠣᠬᠢᠶᠠᠨ ᠪᠠᠶᠢᠭᠤᠯᠵᠦ ᠦᠷᠨᠢᠬᠦᠯᠦᠨ᠂ ᠪᠥᠬᠦ ᠬᠤᠰᠢᠭᠤᠨ ᠤ ᠡᠯ᠎ᠡ ᠲᠦᠷᠦᠯ ᠤᠨ ᠠᠵᠢᠯ  ᠦᠢᠯᠡᠰ ᠤᠨ ᠬᠥᠭᠵᠢᠯᠲᠡ ᠳᠤ ᠬᠥᠮᠦᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠡᠷᠭᠦᠵᠦ᠂ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠲᠣᠬᠤᠨᠢᠭᠤᠯᠵᠤ ᠬᠠᠪᠰᠤᠷᠤᠨ ᠲᠡᠳᠬᠦᠭᠡᠳ᠂ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠪᠠ ᠠᠵᠠ ᠵᠢᠷᠭᠠᠯ ᠤᠨ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠢ  ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠤᠳᠠᠳᠠᠶᠢᠵᠢᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号