5 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ ︽ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ | ᠬᠤᠨᠳᠠᠭᠠᠲᠤ︾ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠾᠧᠪᠸᠢ ᠶᠢᠨ ᠫᠢᠩᠫᠠᠩ ᠪᠦᠮᠪᠦᠭᠡ ᠶᠢᠨ | ᠤᠷᠢᠯᠭ᠎ᠠ ᠶᠢᠨ ᠤᠷᠤᠯᠳᠤᠭᠠᠨ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠾᠧᠪᠸᠢ ᠶᠢᠨ ᠦᠳᠦᠨ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢᠶᠠᠨ ᠡᠬᠢᠯᠡᠬᠦᠯᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠰᠦᠨ ᠶᠠᠨ ᠡᠬᠢᠯᠡᠯᠲᠡ ᠶᠢᠨ ᠶᠣᠰᠣᠯᠠᠯ ᠢ ᠡᠷᠬᠢᠯᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ | ᠡᠬᠢᠯᠡᠯᠲᠡ ᠶᠢᠨ ᠦᠭᠡ ᠬᠡᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ | ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠡᠬᠢᠯᠡᠯᠲᠡ ᠶᠢᠨ ᠶᠣᠰᠣᠯᠠᠯ ᠳᠤ ᠤᠷᠤᠯᠴᠠᠨ᠂ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠲᠢᠩ ᠰᠢᠤ ᠤᠷᠤᠯᠳᠤᠭᠠᠨ ᠡᠬᠢᠯᠡᠭᠰᠡᠨ ᠢ ᠵᠠᠷᠯᠠᠵᠠᠶ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ ᠤᠯᠠᠭᠠᠨᠮᠥ᠋ᠴᠢᠷ ᠤᠨ ᠬᠢᠨ ᠭᠤᠴᠤ ᠰᠠᠶᠢᠬᠠᠨ ᠤᠷᠠᠨ ᠰᠠᠶᠢᠬᠠᠨ ᠤ | ᠲᠣᠭᠯᠠᠯᠲᠠ ᠭᠠᠷᠭᠠᠭᠰᠠᠨ ᠪᠠᠶᠢᠨ᠎ᠠ᠃ ᠡᠨᠡ ᠤᠳᠠᠭᠠᠨ ᠤ ᠤᠷᠢᠯᠭ᠎ᠠ ᠶᠢᠨ ᠤᠷᠤᠯᠳᠤᠭᠠᠨ ᠢ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠡᠳ᠂ ᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ᠂ | ᠴᠧᠩᠳᠧ᠂ ᠪᠦᠦ ᠳ᠋ᠢᠩ᠂ ᠹᠧᠩ ᠨᠢᠩ᠂ ᠭᠦ᠋ ᠶᠤᠸᠠᠨ᠂ ᠺᠠᠩ ᠪᠦᠦ᠂ ᠢᠤᠢ ᠰᠢᠶᠠᠨ᠂ ᠰᠢᠤᠸᠠᠨ ᠬᠤᠸᠠ ᠵᠢᠴᠢ | ᠥᠪᠥᠷ ᠮᠣᠩᠭᠤᠯ ᠤᠨ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ | ᠬᠤᠲᠠ ᠶᠢᠨ 62 ᠠᠩᠬᠢ ᠶᠢᠨ 400 ᠭᠠᠷᠤᠶ ᠲᠠᠮᠢᠷᠴᠢᠨ ᠤᠷᠤᠯᠴᠠᠪᠠ᠃ ᠬᠤᠶᠠᠷ ᠡᠳᠦᠷ ᠤᠨ ᠬᠤᠷᠴᠠ | ᠰᠢᠷᠦᠬᠦᠨ ᠤᠷᠤᠯᠳᠤᠭᠠᠨ ᠨᠢ ᠡᠯ᠎ᠡ ᠭᠠᠵᠠᠷ ᠤᠨ ᠲᠠᠮᠢᠷᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠦ᠂ ︽ᠨᠠᠩ ᠥᠨᠳᠥᠷ᠂ ᠨᠠᠩ ᠲᠦᠷᠭᠡᠨ᠂ ᠨᠠᠩ ᠴᠢᠩᠭ᠎ᠠ︾ ᠪᠠᠶᠢᠬᠤ ᠪᠡᠶ᠎ᠡ ᠶᠢᠨ | ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠪᠥᠷ ᠮᠣᠩᠭᠤᠯ ᠾᠧᠪᠸᠢ ᠤᠷᠤᠨ ᠤ ᠪᠡᠶ᠎ᠡ ᠶᠢᠨ ᠲᠠᠮᠢᠷ ᠤᠨ | ᠪᠠᠭ᠋ᠠᠳᠠᠳ ᠤᠨ ᠬᠠᠷᠢᠯᠴᠠᠭ᠎ᠠ ᠰᠣᠯᠢᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠶᠠᠷ ᠭᠠᠵᠠᠷ ᠤᠨ ᠫᠢᠩᠫᠠᠩ ᠪᠥᠮᠪᠦᠭᠡ᠂ | ᠥᠳᠥᠨ ᠪᠥᠮᠪᠦᠭᠡ ᠶᠢᠨ ᠬᠥᠳᠡᠯᠭᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠨᠢ ᠲᠠᠮᠵᠢᠭ ᠦᠬᠡᠢ᠃ |