ᠲᠠᠶᠢᠹᠤᠰᠧ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠭᠡᠮ ᠰᠣᠭᠤᠭ  ᠲᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/5/28
  5 ᠰᠠᠷ᠎ᠠ ᠶᠢᠨ 23 ᠤ ᠣᠷᠣᠢ᠂ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠤᠰᠢᠭᠤᠨ ᠤ ᠴᠠᠬᠢᠯᠭᠠᠨ ᠬᠠᠩᠭᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠤᠤᠴᠠᠩ ᠪᠠᠯᠭᠠᠰᠤ  ᠪᠠ ᠨᠡᠶᠢᠭᠡᠮ ᠲᠣᠭᠤᠷᠢᠭ ᠤᠳ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠪᠠᠶᠢᠴᠠᠭᠠᠪᠠ᠃ ᠠᠵᠢᠯᠲᠠᠳ ᠰᠠᠭᠤᠭᠠᠯᠢ ᠲᠣᠭᠤᠷᠢᠭ ᠪᠠ ᠵᠡᠭᠡᠯᠢ  ᠲᠠᠭᠠᠭᠰᠠᠨ ᠳᠡᠯᠭᠡᠭᠦᠷ ᠬᠤᠳᠠᠯᠳᠤᠭ᠎ᠠ ᠳᠤ ᠬᠦᠨᠵᠡᠬᠡᠶᠢᠷᠡᠵᠦ᠂  ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠦᠷᠢᠮ ᠲᠣᠭᠲᠠᠭᠠᠯ ᠠᠴᠠ ᠵᠥᠷᠢᠴᠡᠨ ᠵᠣᠭᠰᠣᠭᠠᠬᠤ ᠪᠠ ᠠᠰᠠᠷ ᠲᠤ ᠣᠷᠣᠭᠤᠯᠤᠨ ᠴᠡᠨᠡᠭᠯᠡᠬᠦ᠂ ᠤᠲᠠᠰᠤ ᠲᠠᠳᠠᠵᠤ ᠴᠡᠨᠡᠭᠯᠡᠬᠦ᠂ ᠴᠠᠬᠢᠯᠭᠠᠨ ᠱᠤᠭᠤᠮ ᠢ ᠳᠤᠷ᠎ᠠ ᠪᠠᠷ ᠢᠶᠠᠨ ᠦᠬᠡᠷᠡᠴᠢᠯᠡᠵᠦ ᠵᠠᠯᠭᠠᠬᠤ᠂ ᠭᠠᠯ ᠤᠨᠲᠠᠷᠠᠭᠠᠬᠤ ᠵᠠᠮ ᠢ ᠪᠥᠭᠯᠡᠬᠦ ᠵᠡᠷᠭᠡ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠭᠰᠡᠨ ᠪᠦᠭᠡᠳ  ᠢᠯᠡᠷᠡᠭᠦᠯᠦᠭᠰᠡᠨ ᠠᠰᠠᠭᠤᠳᠠᠯ ᠳᠤ ᠬᠠᠨᠳᠤᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠠᠢ᠃  ᠠᠵᠢᠯᠲᠠᠳ ᠪᠠᠰᠠ ᠡᠭᠦᠳᠡ ᠲᠣᠭᠰᠢᠵᠤ ᠡᠷᠦᠬᠡ ᠳᠤ ᠣᠷᠣᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠡᠬᠦᠰᠭᠡᠬᠦ ᠰᠢᠯᠲᠠᠭᠠᠨ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠠᠰᠠᠷ ᠤᠨ ᠬᠤᠩᠭᠢᠯ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠬᠤ ᠠᠶᠤᠯᠲᠤ ᠴᠢᠨᠠᠷ ᠢ ︽ᠨᠢᠭᠤᠷᠳᠠᠨ︾ ᠶᠠᠷᠢᠵᠤ᠂ ᠥᠷᠭᠡᠨ ᠣᠯᠠᠨ ᠰᠠᠭᠤᠭᠠᠯᠢ ᠠᠷᠠᠳ ᠲᠤ ᠴᠠᠬᠢᠯᠭᠠᠨ ᠴᠡᠨᠡᠭᠯᠡᠬᠦ ᠳᠡᠭᠡᠨ ᠠᠮᠤᠷ ᠲᠦᠪᠰᠢᠨ ᠢ ᠤᠨᠴᠠᠭᠠᠶᠢᠯᠠᠨ ᠠᠩᠬᠠᠷᠬᠤ ᠬᠡᠷᠡᠭᠲᠡᠶ᠂ ᠳᠤᠷ᠎ᠠ ᠪᠠᠷ ᠢᠶᠠᠨ ᠤᠲᠠᠰᠤ ᠲᠠᠲᠠᠬᠤ  ᠂ ᠣᠷᠳᠣ ᠬᠤᠭᠤᠴᠠᠭ᠎ᠠ ᠪᠠᠷ ᠴᠠᠬᠢᠯᠭᠠᠨ ᠴᠡᠨᠡᠭᠯᠡᠬᠦ ᠶᠢ ᠡᠷᠡᠰ ᠴᠡᠭᠡᠷᠯᠡᠵᠦ᠂  ᠠᠮᠤᠷ ᠲᠦᠪᠰᠢᠨ ᠤ ᠰᠠᠶᠢᠨ ᠳᠠᠳᠬᠠᠯ ᠲᠠᠢ ᠪᠣᠯᠬᠤ ᠭᠡᠷᠡᠭᠳᠡᠢ ᠭᠡᠵᠦ ᠰᠠᠨᠠᠭᠤᠯᠪᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠠᠨᠢᠯᠲᠠ ᠶᠢ ᠴᠢᠨᠠᠭᠰᠢᠳᠠ ᠳᠡᠭᠡᠭᠰᠢᠯᠡᠭᠦᠯᠵᠦ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠦᠨᠡᠨᠬᠦ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号