ᠲᠠᠶᠢᠹᠤᠰᠧ ᠬᠤᠰᠢᠭᠤᠨ ᠤ ᠬᠢᠨ ︽ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠨᠡᠶᠢᠭᠡᠮ ᠵᠢᠷᠤᠮ  ᠢᠶᠠᠨ ᠬᠠᠶᠢᠷᠠᠯᠠᠬᠤ ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
  ᠱᠠᠰᠢᠨ ᠰᠤᠷᠲᠠᠬᠤᠨ ᠤ ᠡᠲᠡᠭᠡᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠨᠡᠶᠢᠭᠡᠮ ᠵᠢᠷᠤᠮ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ 5 ᠰᠠᠷ᠎ᠠ ᠶᠢᠨ 22 ᠤ ᠡᠳᠦᠷ  ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢ ᠪᠤᠤᠴᠠᠩ ᠪᠠᠯᠭᠠᠰᠤᠨ ᠤ ᠺᠠᠲ᠋ᠤᠯᠢᠭ ᠱᠠᠰᠢᠨ ᠤ ᠲᠤᠭᠠᠩ ᠤᠨ  ︽ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠦᠮᠦᠵᠢᠯ ᠤᠨ ᠦᠷᠦᠭᠡ︾ ᠳᠤ ᠲᠦᠰᠢᠭᠯᠡᠨ ︽ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ ᠨᠡᠶᠢᠭᠡᠮ ᠵᠢᠷᠤᠮ ᠢᠶᠠᠨ ᠬᠠᠶᠢᠷᠠᠯᠠᠬᠤ︾  ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠦᠷᠨᠢᠬᠦᠯᠵᠡᠢ᠃ ᠠᠵᠢᠯᠯᠠᠭᠠᠨ ᠤ ᠳᠤᠮᠳᠠ᠂ ᠱᠠᠰᠢᠨ ᠰᠤᠷᠲᠠᠬᠤᠨ ᠤ ᠡᠲᠡᠭᠡᠳ ᠤᠨ ᠬᠦᠮᠦᠰ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ︾᠂ ︽ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠭᠤᠤᠯᠳᠠᠯᠭ᠎ᠠ ᠲᠠᠢ ᠠᠭᠤᠯᠭ᠎ᠠ ᠶᠢ ᠰᠤᠷᠤᠯᠴᠠᠭᠰᠠᠨ ᠪᠦᠭᠡᠳ ᠲᠤᠰ ᠬᠤᠰᠢᠭᠤᠨ ᠤ ︽ᠲᠠᠪᠤᠨ ᠰᠠᠶᠢᠨᠲᠠᠶ︾ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠵᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠷᠠᠳᠤᠭᠰᠠᠨ ᠪᠠᠶᠢᠨ᠎ᠠ᠃  ᠠᠵᠢᠯᠠᠭᠠᠨ ᠤ ᠶᠠᠪᠤᠴᠠ ᠳᠤ ᠪᠠᠰᠠ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠨ᠂  ᠱᠠᠰᠢᠨ ᠰᠤᠷᠲᠠᠬᠤᠨ ᠤ ᠡᠳᠡᠭᠡᠳ ᠤᠨ ᠬᠢᠨ ᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠶᠢ ᠲᠠᠶᠢᠴᠢᠯᠠᠵᠤ᠂ ᠱᠠᠰᠢᠨ ᠰᠢᠳᠦᠭᠴᠢ ᠣᠯᠠᠨ ᠲᠦᠮᠡᠨ ᠳᠤ ᠡᠬᠡ ᠤᠷᠤᠨᠴᠢ ᠦᠵᠡᠯ ᠤᠨ ᠤᠬᠠᠭᠤᠯᠭ᠎ᠠ ᠬᠦᠮᠦᠵᠢᠯ ᠬᠢᠵᠡᠢ᠃ ᠠᠵᠢᠯᠯᠠᠭ᠎ᠠ ᠳᠤ ᠣᠷᠣᠯᠴᠠᠭᠰᠠᠨ ᠱᠠᠰᠢᠨ ᠰᠤᠷᠲᠠᠬᠤᠨ ᠤ ᠡᠳᠡᠭᠡᠳ ᠤᠨ ᠬᠦᠮᠦᠰ ᠢᠯᠡᠷᠭᠡᠶᠢᠯᠡᠬᠦ ᠳᠡᠭᠡᠨ᠂ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠲᠣᠰ ᠪᠡᠶ᠎ᠡ ᠶᠢᠨ ᠡᠬᠡ ᠤᠷᠤᠨᠴᠢ ᠤᠬᠠᠮᠰᠠᠷ᠂  ᠡᠷᠭᠡᠳᠦ ᠠᠷᠠᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠷᠠᠭᠤᠯᠵᠤ᠂  ᠦᠩᠭᠡ ᠭᠡᠷᠡᠯᠳᠦ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠬᠦᠯᠦᠯ᠎ᠡ᠂  ᠬᠤᠶᠢᠰᠢᠳᠠ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠭᠡᠪᠡ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠱᠠᠰᠢᠨ ᠰᠤᠷᠲᠠᠬᠤᠨ ᠤ ᠡᠲᠡᠭᠡᠳ ᠢ ᠦᠷᠬᠦᠯᠵᠢᠯᠡᠨ ᠵᠤᠬᠢᠶᠠᠨ ᠪᠠᠶᠢᠭᠤᠯᠵᠤ᠂ ᠣᠯᠠᠨ ᠶᠠᠩᠵᠤ ᠶᠢᠨ ᠪᠠᠶᠠᠯᠢᠭ ᠠᠭᠤᠯᠭ᠎ᠠ ᠲᠠᠢ ᠭᠤᠤᠯ ᠰᠡᠳᠦᠪᠲᠦ ᠠᠵᠢᠯᠯᠠᠭ᠎ᠠ   ᠶᠢ ᠦᠷᠨᠢᠬᠦᠯᠦᠨ᠂ ︽ᠲᠠᠪᠤᠨ ᠬᠠᠮᠲᠤ ᠶᠢᠨ ᠲᠠᠨᠢᠯᠲᠠ︾ ᠶᠢ ᠤᠯᠠᠮ ᠨᠡᠮᠡᠭᠳᠡᠭᠦᠯᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢᠶᠠᠨ ᠬᠠᠶᠢᠷᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠳᠤᠳᠬᠠᠨ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠪᠣᠳᠠᠲᠤ ᠠᠵᠢᠯᠯᠠᠭ᠎ᠠ ᠪᠠᠷ ᠢᠶᠠᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠳᠠᠯᠠᠬᠤ ᠢᠲᠡᠭᠡᠯ ᠵᠣᠷᠢᠭ ᠢ  ᠨᠡᠮᠡᠭᠳᠡᠬᠦᠯᠬᠦ ᠪᠠᠷ ᠪᠠᠶᠢᠨ᠎ᠠ᠃
 
ᠢᠷᠡᠯᠲᠡ᠄ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号