ᠲᠠᠶᠢᠹᠤᠰᠧ ᠬᠤᠰᠢᠭᠤᠨ ᠤ ᠠᠵᠤ ᠠᠬᠤᠶᠢᠯᠠᠯ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠤᠷᠤᠯᠴᠠᠭᠰᠠᠨ
ᠨᠡᠶᠢᠲᠡᠯᠡᠭᠰᠡᠨ ᠴᠠᠭ᠄
2024/5/28
   ᠤᠢᠢᠷ᠎ᠠ ᠳᠤ᠂ 2024 ᠣᠨ ᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠭᠤᠸᠠᠩᠳᠦ᠋ᠩ ᠮᠤᠵᠢ ᠶᠢᠨ ᠬᠤᠢ ᠵᠧᠦ ᠬᠤᠳᠠ ᠳᠤ ᠡᠬᠢᠯᠡᠪᠡ᠃ ᠠᠵᠢᠯᠯᠠᠭ᠎ᠠ ᠨᠢ ︽︿832 ᠲᠠᠪᠴᠠᠩ﹀ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠦᠢᠯᠡᠳᠦᠯ ᠢ ᠪᠠᠳᠠᠷᠠᠭᠤᠯᠵᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠪᠠᠷ ᠭᠤᠣᠯ ᠰᠡᠳᠦᠪ ᠪᠤᠯᠭᠠᠨ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢ ᠠᠬᠢᠭᠤᠯᠤᠨ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠶᠡᠬᠡᠪᠡᠷ ᠥᠷᠭᠡᠳᠬᠡᠵᠦ᠂ ᠨᠡᠩ ᠤᠯᠠᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ︽ᠭᠠᠳᠠᠭᠰᠢ ᠭᠠᠷᠬᠤ︾ ᠶᠢ ᠠᠬᠢᠭᠤᠯᠤᠨ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠬᠦ ᠪᠠᠷ ᠵᠤᠷᠢᠯᠭ᠎ᠠ ᠪᠤᠯᠭᠠᠵᠠᠢ᠃  ᠲᠠᠶᠢᠹᠤᠰᠧ ᠬᠤᠰᠢᠭᠤᠨ ᠤ ᠬᠤᠩ ᠵᠢᠩ ᠶᠤᠸᠠᠨ ᠢᠳᠡᠰᠢᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠠᠩ ᠴᠢ ᠬᠤᠩ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠶᠢᠨ ᠬᠠᠶ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号