ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ | ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠤᠷᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠂ ᠦᠨᠡᠨᠴᠢ | ᠢᠲᠡᠭᠡᠮᠵᠢᠲᠡᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ 5 ᠰᠠᠷ᠎ᠠ ᠶᠢᠨ | 24 ᠤ ᠡᠳᠦᠷ ᠭᠦᠨᠪᠤᠯᠠᠭ ᠰᠤᠮᠤᠨ ᠤ ᠬᠠᠶᠢᠷᠠᠳᠤ ᠭᠠᠴᠠᠭ᠎ᠠ ᠨᠢ ᠬᠤᠰᠢᠭᠤᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠵᠠᠩ ᠱᠤᠸᠠᠢ ᠶᠢ | ᠤᠷᠢᠵᠤ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠬᠢᠯᠭᠡᠵᠡᠢ᠃ ᠵᠠᠩ ᠱᠤᠸᠠᠢ ᠠᠴᠠ ︽ᠦᠨᠡᠨᠴᠢ | ᠢᠲᠡᠭᠡᠮᠵᠢ ᠶᠢᠨ ᠰᠣᠶᠣᠯ ᠢ ᠪᠠᠳᠠᠷᠠᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠭᠤᠣᠯ | ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠠᠭᠤᠯᠭ᠎ᠠ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠵᠡᠷᠭᠡ | ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠣᠶᠢᠯᠠᠭᠠᠮᠵᠢᠲᠠᠶ ᠦᠬᠡ ᠦᠬᠦᠯᠡᠪᠦᠷᠢ ᠪᠠᠷ ᠳᠡᠷᠭᠡᠳᠡᠬᠢ ᠦᠨᠡᠨ | ᠪᠣᠳᠠᠲᠠᠶ ᠥᠯᠢᠭᠡᠷ ᠵᠢᠱᠢᠶ᠎ᠡ ᠶᠢ ᠶᠠᠷᠢᠵᠤ᠂ ᠮᠠᠯᠴᠢᠳ ᠲᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ | ᠲᠠᠨᠢᠭᠤᠯᠤᠭᠰᠠᠨ ᠪᠠᠶᠢᠨ᠎ᠠ᠃ ᠲᠠᠶᠢᠯᠤᠮᠵᠢ ᠰᠤᠨᠤᠰᠤᠭᠰᠠᠨ ᠮᠠᠯᠴᠢᠳ ᠢᠯᠡᠷᠭᠡᠶᠢᠯᠡᠬᠦ ᠳᠡᠭᠡᠨ᠂ ᠡᠨᠡ ᠤᠳᠠᠭ᠎ᠠ ᠶᠢᠨ | ᠤᠬᠠᠭᠤᠯᠭ᠎ᠠ ᠲᠠᠶᠢᠯᠤᠮᠵᠢ ᠪᠠᠷ ᠠᠵᠠ ᠲᠣᠬᠢᠶᠠᠯ ᠪᠤᠯᠭᠠᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠠᠮᠢᠳᠤᠷᠠᠯ ᠤᠨ ᠳᠤᠮᠳᠠ ᠪᠠᠨ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠨ᠂ | ᠪᠣᠯᠪᠠᠰᠤᠨ ᠰᠤᠮᠤ ᠭᠠᠴᠠᠭᠠᠨ ᠤ ᠪᠠᠶᠢᠭᠤᠯᠤᠯᠳᠠ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠬᠡᠪᠡ᠃ |