5 ᠰᠠᠷ᠎ᠠ ᠶᠢᠨ 28 ᠤ ᠡᠳᠦᠷ᠂ ᠲᠠᠶᠢᠹᠤᠰᠧ ᠬᠤᠰᠢᠭᠤ 2024 ᠣᠨ ᠤ ︽ᠱᠠᠯᠢᠭ ᠵᠠᠪᠬᠠᠶ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠢᠴᠢ ︽ᠬᠠᠭᠤᠷᠮᠠᠭ ᠢ ᠵᠠᠯᠬᠠᠭᠠᠵᠤ ᠮᠡᠬᠡᠯᠡᠯ ᠢ | ᠡᠰᠡᠷᠬᠦᠴᠡᠬᠦ︾ ᠲᠤᠰᠬᠠᠢ ᠠᠵᠢᠯᠯᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠰᠤᠮᠤ ᠰᠢᠶᠠᠩ | ᠪᠠᠯᠭᠠᠰᠤᠨ ᠤ ᠤᠬᠠᠭᠤᠯᠬᠤ ᠭᠡᠰᠢᠭᠦᠨ ᠬᠤᠷᠠᠯ ᠳᠤ ᠤᠷᠤᠯᠴᠠᠵᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ | ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠤᠯᠭᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠲᠣᠭᠲᠠᠴᠠ ᠶᠢ ᠪᠦᠷᠢᠨᠰᠢᠬᠦᠯᠦᠨ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠲᠤᠰᠬᠠᠢ ᠠᠵᠢᠯᠯᠠᠭ᠎ᠠ ᠶᠢ ᠬᠦᠨᠵᠡᠬᠡᠶᠢᠷᠡᠬᠦᠯᠦᠨ᠂ | ᠡᠯ᠎ᠡ ᠵᠦᠢᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠣᠶᠣᠯ ᠤᠨ ᠵᠠᠬ᠎ᠠ ᠳᠡᠯᠭᠡᠭᠦᠷ ᠢ | ᠴᠡᠪᠡᠷᠰᠢᠬᠦᠯᠦᠨ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠰᠣᠶᠣᠯ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠂ ᠡᠬᠡ ᠤᠯᠤᠰ ᠤᠨ ᠤᠮᠠᠷᠠᠲᠤ ᠶᠢᠨ ᠠᠮᠤᠷ | ᠲᠣᠭᠲᠠᠭᠤᠨ ᠤ ᠬᠠᠯᠬᠠᠪᠴᠢ ᠶᠢ ᠪᠠᠳᠤ ᠴᠤᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ ᠬᠤᠷᠠᠯ ᠳᠡᠭᠡᠷ᠎ᠡ 2024 ᠣᠨ ᠤ ᠲᠠᠶᠢᠹᠤᠰᠧ ᠬᠤᠰᠢᠭᠤᠨ ᠤ ᠰᠣᠨᠢᠨ ᠮᠡᠳᠡᠭᠡᠨ ᠤ | ᠮᠡᠬᠡᠯᠡᠯ ᠪᠠ ᠬᠠᠭᠤᠷᠮᠠᠭ ᠰᠣᠨᠢᠨ ᠮᠡᠳᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭᠠᠨ ᠤ ᠲᠦᠰᠦᠪ᠂ | 2024 ᠣᠨ ᠤ ᠲᠠᠶᠢᠹᠤᠰᠧ ᠬᠤᠰᠢᠭᠤᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭᠠᠨ ᠤ ᠲᠦᠰᠦᠪ ᠢ ᠤᠯᠠᠮᠵᠢᠯᠠᠪᠠ᠃ |