ᠲᠦᠷᠦ ᠶᠢᠨ ᠪᠤᠳᠤᠯᠭ᠎ᠠ ᠶᠢᠨ ᠲᠠᠶᠢᠯᠤᠮᠵᠢ᠄ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢ ᠡᠷᠭᠡᠪᠰᠢ ᠪᠠᠷᠢᠮᠲᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/5/29
   ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢ ᠡᠷᠬᠡᠪᠰᠢ ᠪᠠᠷᠢᠮᠲᠠᠯᠠᠬᠤ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠠᠭᠤᠯᠭ᠎ᠠ ᠶᠢᠨ ᠨᠢᠭᠡ᠂ ᠨᠠᠮ ᠤᠨ ᠲᠥᠪ ᠬᠤᠷᠢᠶᠠᠨ ᠤ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠦᠨᠳᠦᠰᠦᠲᠡᠨ ᠤ ᠠᠵᠢᠯ ᠤᠨ ᠬᠦᠷᠢᠶ᠎ᠡ ᠴᠠᠷᠠᠭ᠎ᠠ ᠳᠤ ᠲᠤᠤᠱᠯᠠᠭᠤᠯᠬᠤ ᠶᠢᠨ ᠴᠢᠬᠤᠯᠠ ᠢᠯᠡᠷᠡᠯ ᠮᠥᠨ᠃ ᠡᠨᠡ ᠨᠢ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠵᠠᠷᠴᠢᠮ ᠢ ᠲᠤᠭᠳᠠᠭᠠᠭᠰᠠᠨ ᠪᠠᠶᠢᠨ᠎ᠠ᠃     ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠪᠣᠯ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠴᠢᠬᠤᠯᠠ ᠪᠠᠲᠤᠯᠠᠭ᠎ᠠ ᠪᠣᠯᠬᠤ ᠪᠥᠭᠡᠳ ᠨᠠᠮ ᠤᠨ ᠦᠨᠳᠦᠰᠦᠲᠡᠨ ᠤ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢ ᠪᠠᠷᠢᠮᠲᠠᠯᠠᠬᠤ ᠨᠢ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠱᠠᠭᠠᠷᠳᠠᠯᠭ᠎ᠠ ᠶᠢᠨ ᠨᠢᠭᠡ ᠪᠣᠯᠤᠭᠰᠠᠭᠠᠷ ᠢᠷᠡᠵᠡᠶ᠃ 2014 ᠣᠨ ᠳᠤ ᠪᠤᠯᠤᠭᠰᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ︽ᠭᠠᠭᠴᠠ ᠬᠦ ᠬᠠᠤᠯᠢ ᠶᠢᠨ ᠲᠤᠬᠠᠶ ᠢᠲᠡᠭᠡᠯ ᠪᠢᠰᠢᠷᠡᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤᠬᠠᠮᠰᠠᠷ ᠠᠴᠠ ᠪᠠᠨ ᠬᠠᠤᠯᠢ ᠶᠣᠰᠣᠭᠠᠷ ᠠᠵᠢᠯᠯᠠᠪᠠᠯ ᠰᠠᠶ᠋ᠢ ᠦᠨᠳᠦᠰᠦᠲᠡᠨ ᠤ ᠪᠦᠯᠬᠦᠮᠳᠡᠯ ᠪᠠᠲᠤᠯᠠᠭ᠎ᠠ ᠲᠠᠢ ᠪᠤᠯᠵᠤ᠂ ᠦᠨᠳᠦᠰᠦᠲᠡᠨ ᠤ ᠬᠠᠷᠢᠴᠠᠭ᠎ᠠ ᠪᠠᠲᠤ ᠪᠠᠬᠢ ᠪᠤᠯᠵᠤ ᠲᠡᠶᠢᠯᠦᠨ᠎ᠡ︾ ᠬᠡᠵᠦ ᠵᠢᠭᠠᠨ ᠭᠠᠷᠭᠠᠵᠠᠢ᠃ 2019 ᠣᠨ ᠳᠤ ᠪᠤᠯᠤᠭᠰᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠡᠨᠡ  ᠤᠳᠠᠭᠠᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠪᠠᠰᠠ ︽ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ   ᠪᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ︾ ᠬᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠨᠢ ᠪᠢᠳᠡᠨ ᠤ ᠦᠷᠭᠦᠯᠵᠢᠯᠡᠨ ᠬᠠᠤᠯᠢᠵᠢᠯ ᠤᠨ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠵᠤ᠂ ᠦᠨᠳᠦᠰᠦᠲᠡᠨ ᠤ ᠪᠦᠯᠬᠦᠮᠳᠡᠯ ᠢ ᠪᠠᠲᠤᠯᠠᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠦᠨᠳᠦᠰᠦᠨ ᠠᠷᠭ᠎ᠠ ᠬᠡᠮᠵᠢᠶ᠎ᠡ ᠪᠠ ᠴᠢᠬᠤᠯᠠ ᠠᠭᠤᠯᠭ᠎ᠠ ᠪᠣᠯᠭᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠬᠦᠷᠢᠶ᠎ᠡ ᠴᠠᠷᠠᠭ᠎ᠠ ᠳᠤ ᠭᠦᠢᠴᠡᠳ ᠢᠯᠡᠷᠡᠭᠦᠯᠦᠨ ᠲᠤᠤᠱᠯᠠᠭᠤᠯᠬᠤ ᠬᠡᠷᠡᠭᠲᠡᠶ᠃ 1949 ᠣᠨ ᠳᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨᠡᠬᠡᠨ᠂ ᠲᠦᠷ ᠴᠠᠭ ᠤᠨ ᠦᠨᠳᠦᠰᠦᠨ ᠬᠠᠤᠯᠢ ᠶᠢᠨ ᠦᠢᠯᠡᠳᠦᠯ ᠢ ᠪᠠᠳᠠᠷᠠᠭᠤᠯᠤᠭᠰᠠᠨ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠶᠢᠨ ᠬᠥᠲᠥᠯᠪᠦᠷᠢ︾ ᠨᠢ ︽ᠦᠨᠳᠦᠰᠦᠲᠡᠨ ᠤ ᠲᠥᠷᠥ ᠶᠢᠨ ᠪᠣᠳᠣᠯᠭ᠎ᠠ︾ ᠶᠢ ᠲᠤᠰᠠᠭᠠᠷ ᠪᠦᠯᠦᠭ ᠪᠣᠯᠭᠠᠪᠠ᠃ 1954 ᠣᠨ ᠳᠤ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠦᠨᠳᠦᠰᠦᠨ ᠬᠠᠤᠯᠢ ᠨᠢ ᠤᠯᠤᠰ ᠤᠨ ᠦᠨᠳᠦᠰᠦᠨ ᠬᠠᠤᠯᠢ ᠶᠢᠨ ᠬᠡᠯᠪᠡᠷᠢ ᠪᠠᠷ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠤᠯ ᠠᠭᠤᠯᠭ᠎ᠠ ᠪᠣᠯᠭᠠᠭᠰᠠᠨ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠦᠨᠳᠦᠰᠦᠨ ᠪᠣᠷᠣ ᠲᠥᠯᠥᠪ ᠢ ᠲᠣᠭᠲᠠᠭᠠᠭᠰᠠᠨ ᠪᠥᠭᠡᠳ ᠤᠳᠠᠭ᠎ᠠ ᠪᠦᠷᠢ ᠶᠢᠨ ᠵᠠᠰᠠᠪᠤᠷᠢ ᠣᠷᠣᠭᠤᠯᠬᠤ ᠶᠠᠪᠤᠴᠠ ᠳᠤ ᠲᠠᠰᠤᠷᠠᠯᠲᠠ ᠦᠭᠡᠢ ᠴᠢᠬᠤᠯᠠᠴᠢᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠳᠤ ᠦᠨᠳᠦᠰᠦᠨ ᠬᠠᠤᠯᠢ ᠶᠢᠨ ᠰᠠᠭᠤᠷᠢ ᠶᠢ ᠬᠠᠩᠭᠠᠵᠠᠢ᠃ 1984 ᠣᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠳᠤᠮᠳᠠᠳᠤ ᠤᠯᠤᠰ ᠤᠨ ᠦᠨᠳᠦᠰᠦᠲᠡᠨ ᠤ ᠠᠵᠢᠯ ᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠳᠤ ᠪᠦᠬᠦ ᠲᠠᠯ᠎ᠠ ᠶᠢᠨ ᠲᠣᠭᠲᠠᠭᠠᠯ ᠭᠠᠷᠭᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠴᠢᠬᠤᠯᠠ ᠰᠠᠭᠤᠷᠢ ᠶᠢ ᠲᠠᠯᠪᠢᠭᠰᠠᠨ ᠪᠠᠶᠢᠨ᠎ᠠ᠃    70 ᠭᠠᠷᠤᠢ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠨᠢ ᠨᠢᠭᠡᠨᠲᠡ ᠦᠨᠳᠦᠰᠦᠨ ᠬᠠᠤᠯᠢ ᠪᠠᠷ ᠦᠨᠳᠦᠰᠦ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠪᠠᠷ ᠭᠤᠣᠯ ᠪᠣᠯᠭᠠᠭᠰᠠᠨ ᠦᠨᠳᠦᠰᠦᠲᠡᠨ ᠤ ᠠᠵᠢᠯ ᠤᠨ ᠬᠠᠤᠯᠢ ᠲᠦᠷᠢᠮ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠭᠰᠠᠨ ᠪᠥᠭᠡᠳ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠬᠠᠤᠯᠢ ᠪᠠᠷ ᠤᠯᠤᠰ ᠢᠶᠠᠨ ᠵᠠᠰᠠᠬᠤ ᠶᠢ ᠤᠯᠠᠨᠳᠠ ᠴᠢᠬᠤᠯᠠᠴᠢᠯᠠᠵᠤ  ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠨᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠬᠦᠨᠵᠡᠬᠡᠢ ᠠᠬᠢᠵᠤ ᠢᠷᠡᠵᠡᠢ᠃ 2017 ᠣᠨ ᠳᠤ᠂  ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠮᠠᠨ ᠤ ᠨᠠᠮ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠠᠩᠬᠠᠳᠠᠭᠴᠢ ᠲᠤᠰᠬᠠᠶ ᠪᠢᠴᠢᠭ ᠮᠠᠲ᠋ᠧᠷᠢᠶᠠᠯ ᠪᠠᠶᠢᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠰᠢᠨ᠎ᠡ ᠬᠢᠷᠢ ᠲᠦᠪᠰᠢᠨ ᠳᠤ ᠬᠦᠷᠦᠭᠰᠡᠨ ᠢ ᠬᠠᠷᠠᠭᠤᠯᠵᠠᠢ᠃   ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠨ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠬᠠᠤᠯᠢᠵᠢᠯ ᠢ ᠦᠨᠳᠦᠰᠦᠲᠡᠨ ᠤ ᠠᠵᠢᠯ ᠤᠨ ᠬᠦᠷᠢᠶ᠎ᠡ  ᠭᠤᠭᠴᠤᠭ᠎ᠠ ᠨᠢᠭᠡᠪᠦᠷᠢ ᠳᠤ ᠲᠤᠤᠱᠯᠠᠭᠤᠯᠤᠨ᠂  ᠬᠠᠤᠯᠢᠵᠢᠯ ᠤᠨ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠵᠤ᠂ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠪᠠ ᠬᠠᠤᠯᠢᠵᠢᠯ ᠤᠨ ᠨᠡᠷ᠎ᠡ ᠬᠦᠨᠳᠦ ᠶᠢ ᠬᠠᠮᠠᠭᠠᠯᠠᠨ᠂ ᠪᠦᠷᠢᠨ ᠲᠡᠭᠦᠯᠳᠡᠷ ᠦᠨᠳᠦᠰᠦᠲᠡᠨ ᠤ ᠠᠵᠢᠯ ᠤᠨ ᠬᠠᠤᠯᠢ ᠲᠦᠷᠢᠮ ᠪᠠ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠵᠢᠷᠤᠮᠯᠠᠬᠤ ᠬᠠᠤᠯᠢ ᠲᠠᠢ ᠪᠠᠶᠢᠬᠤ ᠪᠣᠯ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠪᠠ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢᠨ ᠦᠨᠳᠦᠰᠦᠨ ᠤᠷᠢᠳᠠᠯ ᠮᠥᠨ᠃ ᠦᠨᠳᠦᠰᠦᠨ ᠬᠠᠤᠯᠢ ᠳᠤ ᠲᠣᠭᠲᠠᠭᠠᠭᠰᠠᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠲᠤᠬᠠᠢ ᠦᠨᠳᠦᠰᠦᠨ ᠵᠠᠷᠴᠢᠮ ᠪᠣᠯᠤᠨ ᠦᠨᠳᠦᠰᠦᠨ ᠪᠣᠷᠣ ᠲᠥᠯᠥᠪ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠢᠯᠡ ᠲᠣᠳᠣ ᠭᠤᠣᠯ ᠰᠢᠵᠢᠮ ᠤᠨ ᠲᠣᠭᠤᠷᠢᠨ ᠳᠤ᠂ ᠵᠥᠪ ᠣᠨᠣᠪᠴᠢᠲᠠᠢ ᠪᠠᠶᠢᠬᠤ ᠶᠢ ᠪᠠᠷᠢᠮᠳᠠᠯᠠᠨ᠂ ᠴᠠᠭ ᠠᠴᠠ ᠬᠤᠴᠤᠷᠤᠭᠰᠠᠨ ᠳᠤ ᠲᠤᠬᠢᠷᠠᠭᠤᠯᠤᠯᠳᠠ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠨ ᠪᠠᠲᠤᠯᠠᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠬᠢᠨᠠᠨ ᠦᠨᠡᠯᠡᠬᠦ ᠰᠢᠰᠲ᠋ᠧᠮ ᠢ ᠲᠡᠬᠦᠯᠳᠡᠷᠵᠢᠬᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠬᠢᠨᠠᠨ ᠰᠢᠯᠭᠠᠬᠤ ᠠᠵᠢᠯ ᠤᠨ ᠲᠣᠭᠲᠠᠴᠠ ᠪᠣᠯᠤᠨ ᠠᠵᠢᠯ ᠤᠨ ᠰᠢᠰᠲ᠋ᠧᠮᠵᠢ ᠶᠢ ᠪᠠᠶᠢᠭᠤᠯᠤᠨ᠂  ᠬᠢᠨᠠᠨ ᠪᠠᠶᠢᠴᠠᠭᠠᠬᠤ ᠭᠤᠤᠯ ᠴᠣᠭᠴᠠ᠂ ᠠᠭᠤᠯᠭ᠎ᠠ  ᠨᠢᠭᠤᠷᠯᠠᠯ᠂ ᠠᠯᠬᠤᠮ ᠶᠠᠪᠤᠴᠠ ᠪᠣᠯᠤᠨ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ ᠬᠠᠤᠯᠢ ᠶᠢ ᠴᠢᠩᠭ᠎ᠠ ᠬᠡᠷᠡᠭᠵᠢᠭᠦᠯᠬᠦ ᠲᠥᠪ ᠭᠤᠣᠯᠴᠢ ᠭᠡᠷᠡᠭᠵᠢᠬᠦᠯᠬᠦ ᠶᠢ ᠪᠠᠷᠢᠮᠲᠠᠯᠠᠵᠤ᠂ ᠶᠠᠮᠠᠷ ᠠᠰᠠᠭᠤᠳᠠᠯ ᠪᠠᠶᠢᠪᠠᠯ ᠲᠡᠶᠢᠮᠦ ᠠᠰᠠᠭᠤᠳᠠᠯ ᠢᠶᠠᠷ ᠰᠢᠢᠳᠪᠦᠷᠢᠯᠡᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠪᠠᠲᠤᠯᠠᠵᠤ᠂ ᠦᠨᠳᠦᠰᠦᠲᠡᠨ ᠳᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠨ᠂ ᠡᠯ᠎ᠡ ᠲᠦᠷᠦᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠣᠬᠢᠯᠲᠠ ᠥᠭᠬᠦ ᠬᠡᠷᠡᠭᠲᠡᠢ᠃ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠠᠷᠢᠮᠳᠠᠯᠠᠨ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠺᠠᠳ᠋ᠷ ᠤᠯᠠᠨ ᠲᠦᠮᠡᠨ ᠤ ᠬᠠᠤᠯᠢ ᠶᠢᠨ ᠤᠬᠠᠮᠰᠠᠷ ᠢ ᠴᠢᠩᠭᠠᠳᠬᠠᠨ᠂ ᠦᠨᠳᠦᠰᠦᠲᠡᠨ ᠨᠦᠭᠦᠳ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠵᠤ᠂ ᠶᠠᠮᠠᠷᠪᠠ ᠬᠥᠮᠦᠨ ᠬᠠᠤᠯᠢ ᠴᠠᠭᠠᠵᠠ ᠠᠴᠠ ᠳᠠᠪᠠᠭᠰᠠᠨ ᠣᠨᠴᠠ ᠡᠷᠬᠡ ᠦᠭᠡᠢ ᠭᠡᠳᠡᠭ ᠢ ᠪᠠᠳᠤᠯᠠᠬᠤ ᠭᠡᠷᠡᠭᠳᠡᠢ᠃ ᠥᠷᠭᠡᠨ ᠤᠯᠠᠨ ᠺᠠᠳ᠋ᠷᠴᠤᠳ ᠤᠨ ᠦᠨᠳᠦᠰᠦᠲᠡᠨ ᠤ ᠠᠵᠢᠯ ᠤᠨ ᠬᠠᠤᠯᠢ ᠲᠦᠷᠢᠮ ᠤᠨ ᠪᠣᠯᠪᠠᠰᠤᠷᠠᠯ ᠢ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ ᠶᠢ ᠦᠨᠡᠨ ᠬᠦ ᠴᠢᠩᠭᠠᠷᠠᠭᠤᠯᠤᠨ᠂ ᠬᠠᠤᠯᠢ ᠶᠣᠰᠣᠭᠠᠷ ᠵᠠᠰᠠᠭ ᠪᠠᠷᠢᠬᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠳᠤᠯᠠᠨ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠠᠳᠬᠤᠵᠤ᠂ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠬᠡᠷᠡᠭᠲᠡᠶ᠃       ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠪᠣᠯ ᠤᠯᠤᠰ ᠤᠨ ᠵᠠᠰᠠᠯᠲᠠ ᠶᠢᠨ ᠴᠢᠬᠤᠯᠠ ᠪᠦᠷᠢᠯᠳᠦᠬᠦᠨ ᠬᠡᠰᠡᠭ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠦᠨᠳᠦᠰᠦᠨ ᠠᠷᠭ᠎ᠠ ᠪᠣᠳᠣᠯᠭ᠎ᠠ ᠮᠥᠨ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠡᠷᠬᠡᠪᠰᠢ ᠬᠠᠤᠯᠢᠵᠢᠯ ᠤᠨ ᠰᠡᠳᠬᠢᠬᠦᠢ ᠶᠢ ᠪᠤᠢ ᠪᠤᠯᠭᠠᠨ᠂ ᠬᠠᠤᠯᠢᠵᠢᠯ ᠤᠨ ᠠᠷᠭ᠎ᠠ ᠶᠢ ᠬᠡᠷᠡᠭᠯᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠶᠢ ᠪᠠᠷᠢᠮᠳᠠᠯᠠᠨ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠬᠦᠯᠵᠢᠯᠡᠨ ᠠᠬᠢᠭᠤᠯᠵᠤ᠂ ᠬᠠᠤᠯᠢ ᠲᠦᠷᠢᠮ ᠢᠶᠠᠷ ᠦᠨᠳᠦᠰᠦᠲᠡᠨ ᠤ ᠪᠦᠯᠬᠦᠮᠳᠡᠯ ᠢ ᠪᠠᠳᠤᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃    ᠢᠷᠡᠯᠲᠡ᠄ ᠳᠤᠮᠳᠠᠲᠤ ᠤᠯᠤᠰ ᠤᠨ ᠦᠨᠳᠦᠰᠦᠲᠡᠨ ᠤ ᠰᠤᠨᠢᠨ ᠠᠴᠠ ᠤᠷᠴᠢᠭᠤᠯᠪᠠ
 
ᠢᠷᠡᠯᠲᠡ᠄ ᠳᠤᠮᠳᠠᠲᠤ ᠤᠯᠤᠰ ᠤᠨ ᠦᠨᠳᠦᠰᠦᠲᠡᠨ ᠤ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号