ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/30
  5 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠶ ᠬᠤᠷᠠᠯ ᠢ ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠷ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠶᠡᠭᠡ ᠶᠠᠪᠤᠳᠠᠯ ᠪᠠ ᠵᠢᠷᠭᠤᠭᠠᠨ ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠵᠦ᠂  ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂  ᠬᠠᠤᠯᠢ ᠴᠠᠭᠠᠵᠠ ᠶᠢᠨ ᠲᠥᠪ ᠭᠤᠣᠯᠴᠢ ᠶᠢ ᠠᠬᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠤᠣᠯᠳᠠᠯᠭ᠎ᠠ ᠲᠠᠢ ᠡᠭᠦᠷᠭᠡ ᠶᠢᠨ ᠪᠥᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠵᠤ᠂ ᠲᠠᠶᠢᠹᠤᠰᠧ ᠬᠤᠰᠢᠭᠤᠨ ᠤ ᠡᠯ᠎ᠡ ᠲᠦᠷᠦᠯ ᠤᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ︽ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠭᠡᠰᠢᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号