ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠶᠠᠨ ᠶᠢᠨ ᠭᠸᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠬᠤᠷᠠᠯᠳᠤᠭᠰᠠᠨ
ᠨᠡᠶᠢᠲᠡᠯᠡᠭᠰᠡᠨ ᠴᠠᠭ᠄
2024/5/30
 5 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠶᠠᠨ ᠶᠢᠨ ᠭᠸᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠮᠵᠢᠯᠲᠠ ᠲᠠᠢ ᠬᠤᠷᠠᠯᠳᠤᠵᠤ᠂ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠢᠷᠡᠭᠰᠡᠨ ᠨᠠᠮ ᠤᠨ ᠭᠡᠰᠢᠭᠦᠨ ᠤ ᠲᠥᠯᠥᠭᠡᠯᠡᠭᠴᠢ ᠪᠣᠯᠤᠨ ᠰᠤᠯᠠ ᠣᠷᠣᠯᠴᠠᠭᠰᠠᠳ ᠨᠢᠭᠡ ᠲᠠᠩᠬᠢᠮ ᠳᠤ ᠴᠤᠭᠯᠠᠷᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠨ᠂ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠵᠢᠷᠤᠭᠯᠠᠪᠠ᠃ ᠡᠨᠡ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 71 ᠬᠥᠮᠦᠨ᠂ ᠪᠣᠳᠠᠲᠠᠶ ᠣᠷᠣᠯᠴᠠᠭᠰᠠᠨ ᠨᠢ 60 ᠬᠥᠮᠦᠨ᠂ ᠰᠤᠯᠠ ᠣᠷᠣᠯᠴᠠᠭᠰᠠᠨ ᠨᠢ 8 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠵᠡᠢ᠃ ᠶᠡᠭᠡ ᠬᠤᠷᠠᠯ ᠲᠡᠭᠡᠷ᠎ᠡ᠂ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠠᠴᠠ ︽ ᠡᠮᠦᠨ᠎ᠡ ᠣᠷᠣᠬᠤ ᠪᠠᠷ ᠡᠷᠡᠮᠡᠬᠡᠶᠢᠯᠡᠨ ᠤᠷᠤᠭᠰᠢᠯᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠢᠯᠡᠳᠭᠡᠯ ᠬᠢᠪᠡ᠃ ᠢᠯᠡᠳᠬᠡᠯ ᠳᠤ᠂ 2023 ᠣᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ  ᠪᠠᠯᠭᠠᠰᠤᠨ ᠤ ᠨᠠᠮ ᠤᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠭᠤᠣᠯ ᠰᠢᠵᠢᠮ ᠤᠨ ᠲᠣᠭᠤᠷᠢᠨ ᠳᠤ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂  ᠪᠦᠬᠦ ᠬᠦᠴᠦᠨ ᠢᠶᠠᠷ ᠴᠢᠷᠮᠠᠶᠢᠵᠤ ᠠᠵᠢᠯᠯᠠᠭᠠᠳ ᠡᠯ᠎ᠡ ᠲᠦᠷᠦᠯ ᠤᠨ ᠠᠵᠢᠯ ᠤᠨ ᠰᠢᠨ᠎ᠡ ᠠᠮᠵᠢᠯᠳᠠ  ᠶᠢ ᠤᠯᠤᠭᠰᠠᠨ ᠪᠠᠶᠢᠨ᠎ᠠ᠃ 2024 ᠣᠨ ᠳᠤ ᠪᠠᠯᠭᠠᠰᠤᠨ ᠤ ᠨᠠᠮ ᠤᠨ ᠬᠤᠷᠢᠶ᠎ᠠ ᠨᠢ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠣᠯᠭᠠᠵᠤ᠂  ︽ᠰᠢᠨ᠎ᠡ ᠵᠠᠮ ᠨᠡᠭᠡᠭᠡᠵᠦ ᠲᠤᠮᠳᠠ ᠲᠦᠪᠰᠢᠨ ᠳᠤ ᠬᠦᠷᠬᠦ︾ ᠲᠡᠮᠡᠴᠡᠯ ᠤᠨ ᠬᠠᠷᠠᠯᠲᠠ ᠶᠢ ᠴᠢᠭᠯᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠨ ᠬᠢᠵᠦ᠂ ᠴᠢᠶᠠᠨ ᠶᠢᠨ ᠭᠸᠦ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠦᠨ᠎ᠡ ᠬᠡᠵᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠭᠧᠩ ᠶᠦᠨ ᠠᠴᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠦᠯᠦᠭᠡᠯᠡᠵᠦ ᠠᠵᠢᠯ ᠤᠨ ᠢᠯᠡᠳᠬᠡᠯ ᠬᠢᠪᠡ᠃ ᠶᠡᠭᠡ ᠬᠤᠷᠠᠯ ᠤᠨ ᠠᠯᠬᠤᠮ ᠳᠠᠷᠠᠭᠠᠯᠠᠯ ᠶᠤᠰᠤᠭᠠᠷ᠂ ᠲᠥᠯᠥᠭᠡᠯᠡᠭᠴᠢᠳ ᠲᠤᠭᠤᠶᠢᠯᠠᠩ ᠬᠤᠪᠢᠶᠠᠵᠤ ᠬᠤᠶᠠᠷ ᠢᠯᠡᠳᠭᠡᠯ ᠪᠠ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠬᠢᠨᠠᠨ ᠵᠦᠪᠯᠡᠭᠰᠡᠨ ᠪᠦᠭᠡᠳ ᠨᠠᠮ ᠤᠨ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢᠨ ᠨᠡᠷᠡᠰ ᠢ ᠨᠥᠬᠦᠨ ᠰᠣᠩᠭᠤᠬᠤ ᠲᠤᠬᠠᠶ  ᠶᠠᠷᠢᠯᠴᠠᠭᠰᠠᠨ ᠪᠠᠶᠢᠨ᠎ᠠ᠃ ᠶᠡᠭᠡ ᠬᠤᠷᠠᠯ ᠠᠴᠠ ︽ᠴᠢᠶᠠᠨ ᠶᠢᠨ ᠭᠸᠤ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ︾᠂ ︽ᠴᠢᠶᠠᠨ ᠶᠢᠨ ᠭᠸᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠤᠨ ᠲᠤᠬᠠᠢ ᠰᠢᠢᠳᠪᠦᠷᠢ︾ ᠶᠢ ᠬᠢᠨᠠᠨ ᠵᠥᠪᠯᠡᠵᠦ ᠪᠠᠳᠤᠯᠠᠭᠰᠠᠨ ᠤ ᠬᠠᠮᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠ ᠰᠤᠯᠠ ᠣᠷᠣᠯᠴᠠᠭᠰᠠᠳ ᠪᠠᠯᠭᠠᠰᠤᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠪᠤᠯᠤᠨ  ᠪᠠᠭ ᠤᠨ ᠬᠡᠰᠢᠬᠦᠳ ᠢ ᠠᠷᠠᠳᠴᠢᠯᠠᠯ ᠢᠶᠠᠷ ᠰᠢᠯᠭᠠᠨ ᠦᠨᠡᠯᠡᠪᠡ᠃ ᠶᠡᠭᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂  ᠬᠦᠴᠢᠷ ᠢ ᠰᠦᠷᠦᠨ ᠡᠷᠡᠮᠡᠬᠡᠶᠢᠯᠡᠨ ᠤᠷᠤᠭᠰᠢᠯᠠᠵᠤ  ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠵᠦ ᠬᠠᠲᠠᠭᠤᠵᠢᠯᠲᠠᠢ ᠠᠵᠢᠯᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠡᠢ ᠬᠡᠵᠦ ᠵᠢᠭᠠᠨ ᠭᠠᠷᠭᠠᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号