ᠴᠢᠶᠠᠨ ᠶᠢᠨ ᠭᠸᠤ ᠪᠠᠯᠭᠠᠰᠤᠨ ᠤ ᠡᠪᠯᠡᠯ ᠤᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠡᠪ ᠬᠠᠮᠳᠤ ᠵᠠᠯᠠᠭᠤᠴᠤᠳ ᠤᠨ ᠡᠪᠯᠡᠯ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠪᠯᠡᠯ ᠤᠨ | ᠭᠡᠰᠢᠭᠦᠨ ᠪᠠ ᠵᠠᠯᠠᠭᠤᠴᠤᠳ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠰᠠᠶᠢᠲᠤᠷ ᠦᠷᠨᠢᠬᠦᠯᠦᠨ᠂ ᠡᠪᠯᠡᠯ ᠤᠨ | ᠦᠨᠳᠦᠰᠦᠨ ᠡᠭᠦᠷᠭᠡ᠂ ᠤᠯᠤᠰ ᠲᠦᠷᠦ ᠶᠢᠨ ᠬᠠᠷᠢᠭᠤᠴᠠᠯᠭ᠎ᠠ᠂ ᠠᠵᠢᠯ ᠤᠨ ᠭᠤᠣᠯ ᠱᠤᠭᠤᠮ ᠤᠨ ᠲᠣᠭᠤᠷᠢᠨ ᠳᠤ | ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃ ᠨᠢᠭᠡ ᠳᠤ᠂ ᠤᠯᠤᠰ ᠲᠥᠷᠥ ᠶᠢᠨ | ᠪᠠᠶᠢᠭᠤᠯᠤᠯᠲᠠ ᠶᠢ ᠲᠤᠪᠤᠶᠢᠯᠭᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠰᠠᠶᠢᠲᠤᠷ ᠠᠳᠬᠤᠭᠰᠠᠨ᠃ | ᠴᠢᠶᠠᠨ ᠶᠢᠨ ᠭᠸᠦ ᠪᠠᠯᠭᠠᠰᠤᠨ ᠤ ᠡᠪᠯᠡᠯ ᠤᠨ ᠬᠤᠷᠢᠶ᠎ᠠ ᠨᠢ ᠣᠶᠤᠨᠴᠢ ᠡᠪᠯᠡᠯ ᠤᠨ ᠪᠠᠶᠢᠭᠤᠯᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠤᠰᠬᠠᠶ ᠠᠵᠢᠯᠳᠠᠨ ᠢᠶᠠᠷ ᠬᠠᠮᠢᠶᠠᠷᠤᠭᠤᠯᠵᠤ᠂ ︽ᠤᠶᠤᠨᠴᠢ ᠡᠪᠯᠡᠯ ᠤᠨ ᠪᠠᠶᠢᠭᠤᠯᠤᠯᠲᠠ︾ ᠶᠢᠨ | ᠳᠣᠲᠣᠷᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠢᠳᠪᠦᠷᠢᠯᠡᠨ᠂ ᠰᠤᠷᠭᠠᠭᠤᠯᠢ ᠲᠡᠬᠦᠰᠦᠭᠰᠡᠨ | ᠤᠶᠤᠳᠠᠳ ᠤᠨ ︽ᠰᠤᠷᠭᠠᠭᠤᠯᠢ ᠨᠡᠶᠢᠬᠡᠮ ᠤᠨ ᠵᠤᠯᠭᠠᠯᠴᠠᠭ᠎ᠠ︾ ᠶᠢᠨ ᠠᠯᠬᠤᠮ ᠶᠠᠪᠤᠴᠠ ᠶᠢ ᠲᠦᠷᠢᠮᠵᠢᠬᠦᠯᠵᠦ᠂ ︽ | ᠰᠤᠷᠭᠠᠭᠤᠯᠢ ᠨᠡᠶᠢᠬᠡᠮ ᠤᠨ ᠵᠤᠯᠭᠠᠯᠴᠠᠭ᠎ᠠ︾ ᠶᠢ 100% ᠳᠤ ᠬᠦᠷᠭᠡᠵᠡᠢ᠃ ᠡᠪᠯᠡᠯ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠵᠢᠴᠢ ︽ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ︾ ᠲᠠᠪᠤᠨ ᠨᠢᠭᠡ ᠶᠢᠨ | ᠠᠵᠢᠯ ᠤᠨ ᠲᠣᠭᠲᠠᠴᠠ ᠶᠢ ᠬᠦᠨᠵᠡᠬᠡᠢ ᠨᠠᠶᠢᠳᠠᠪᠤᠷᠢᠵᠢᠭᠤᠯᠬᠤ ᠶᠢᠨ ᠲᠥᠯᠥᠭᠡ ᠪᠠᠯᠭᠠᠰᠤᠨ ᠤ ᠡᠪᠯᠡᠯ ᠤᠨ ᠬᠤᠷᠢᠶ᠎ᠠ ᠨᠢ | ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠰᠠᠯᠪᠤᠷᠢ ᠠᠩᠭᠢ ᠪᠠᠶᠢᠭᠤᠯᠵᠤ᠂ 9 ᠨᠡᠷ᠎ᠡ ᠵᠠᠯᠠᠭᠤ | ᠡᠪᠯᠡᠯ ᠤᠨ ᠺᠠᠳ᠋ᠷ ᠢ ᠡᠯ᠎ᠡ ᠲᠣᠰᠬᠤᠨ ᠳᠤ ᠲᠤᠮᠢᠯᠠᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠭᠤᠯᠪᠠ᠃ | ᠡᠬᠦᠨ ᠤ ᠬᠠᠮᠳᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠠᠷ ᠡᠷᠬᠢᠯᠡᠭᠴᠢ ᠪᠣᠯᠭᠠᠵᠤ᠂ ᠡᠯ᠎ᠡ | ᠲᠣᠰᠬᠤᠨ ᠤ ᠨᠠᠮ ᠤᠨ ᠡᠭᠦᠷ ᠤᠨ ᠱᠦᠵᠢ ᠪᠠ ᠪᠠᠯᠭᠠᠰᠤᠨ ᠤ ᠺᠠᠳ᠋ᠷ ᠠᠵᠢᠯᠳᠠᠨ ᠢᠶᠠᠷ ᠭᠡᠰᠢᠭᠦᠨ ᠪᠣᠯᠭᠠᠭᠰᠠᠨ | ᠲᠤᠰᠬᠠᠢ ᠺᠤᠮᠢᠰ ᠢ ᠪᠠᠶᠢᠭᠤᠯᠵᠤ᠂ ᠦᠨᠳᠦᠰᠦᠨ ᠱᠠᠲᠤᠨ ᠤ ᠡᠪᠯᠡᠯ ᠤᠨ ᠪᠠᠶᠢᠭᠤᠯᠤᠯᠲᠠ ᠶᠢᠨ ᠠᠵᠢᠯ ᠢ ᠱᠠᠭᠠᠷᠳᠠᠨ | ᠵᠢᠯᠤᠭᠤᠳᠴᠤ᠂ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ | ᠪᠠ ᠬᠦᠳᠦᠯᠦᠨ ᠳᠠᠭᠠᠭᠤᠯᠬᠤ ᠬᠦᠴᠦᠨ᠂ ᠦᠢᠯᠡᠴᠢᠯᠡᠬᠦ ᠬᠦᠴᠦᠨ ᠢ ᠪᠦᠬᠦ ᠲᠠᠯ᠎ᠠ ᠪᠠᠷ ᠴᠢᠩᠭᠠᠷᠠᠭᠤᠯᠵᠠᠢ᠃ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠢᠶᠠᠨ ᠶᠢᠨ ᠭᠸᠦ ᠪᠠᠯᠭᠠᠰᠤᠨ ᠤ ᠡᠪᠯᠡᠯ ᠤᠨ ᠬᠤᠷᠢᠶ᠎ᠠ ᠨᠢ | ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ | ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠬᠦᠮᠦᠵᠢᠯ ᠢ ᠨᠠᠷᠢᠨ ᠬᠢᠨᠠᠮᠠᠭᠠᠶ ᠲᠦᠯᠦᠪᠵᠢᠬᠦᠯᠦᠨ᠂ ᠡᠪᠯᠡᠯ ᠤᠨ | ᠡᠭᠦᠷ ᠢᠶᠠᠷ ᠦᠨᠳᠦᠰᠦᠨ ᠨᠢᠭᠡᠴᠡ ᠪᠣᠯᠭᠠᠵᠤ᠂ ︽ᠭᠤᠷᠪᠠᠨ ᠬᠤᠷᠠᠯ ᠬᠤᠶᠠᠷ ᠲᠦᠷᠢᠮ ᠨᠢᠭᠡ ᠬᠢᠴᠢᠶᠡᠯ︾ ᠲᠠᠢ | ᠤᠶᠠᠯᠳᠤᠭᠤᠯᠤᠨ᠂ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠭᠤᠤᠯ ᠰᠡᠳᠦᠪᠲᠦ ᠬᠢᠴᠢᠶᠡᠯ ᠤᠨ ᠲᠠᠪᠴᠠᠩ ᠤᠨ | ᠦᠢᠯᠡᠳᠦᠯ ᠢ ᠬᠦᠢᠴᠡᠳ ᠪᠠᠳᠠᠷᠠᠭᠤᠯᠵᠤ᠂ ᠪᠠᠯᠭᠠᠰᠤᠨ ᠤ ᠡᠪᠯᠡᠯ ᠤᠨ ᠭᠡᠰᠢᠭᠦᠨ ᠪᠠ ᠵᠠᠯᠠᠭᠤᠴᠤᠳ ᠢ ᠲᠠᠶᠢᠴᠢᠯᠠᠵᠤ | ᠣᠨᠣᠯ ᠤᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠨ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠵᠠᠢ᠃ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠶᠢ ᠳᠤᠪᠤᠶᠢᠯᠭᠠᠵᠤ᠂ | ᠵᠠᠯᠠᠭᠤᠴᠤᠳ ᠤᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠦᠭᠰᠡᠨ᠃ ᠦᠢᠯᠡᠰ ᠪᠦᠳᠦᠭᠡᠭᠴᠢ ᠵᠠᠯᠠᠭᠤ | ᠴᠢᠳᠠᠪᠤᠷᠢᠲᠠᠨ ᠢ ᠢᠳᠡᠪᠬᠢᠳᠡᠢ ᠬᠥᠮᠦᠵᠢᠭᠦᠯᠵᠦ᠂ ᠲᠤᠰ ᠪᠠᠯᠭᠠᠰᠤᠨ ᠤ ᠴᠢᠶᠣᠤ ᠶᠠ ᠵᠧ ᠵᠡᠷᠭᠡ 18 ᠵᠠᠯᠠᠭᠤᠴᠤᠳ | ᠨᠤᠲᠤᠭ ᠤᠰᠤᠨ ᠳᠠᠭᠠᠨ ᠦᠢᠯᠡᠰ ᠪᠤᠰᠬᠠᠨ᠂ ᠢᠳᠡᠰᠢᠨ ᠨᠣᠭᠤᠭ᠎ᠠ ᠲᠠᠷᠢᠬᠤ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ ᠪᠤᠶᠤ ᠲᠠᠷᠢᠶᠠᠯᠠᠩ ᠮᠠᠯᠵᠢᠯ ᠤᠨ ᠬᠤᠷᠰᠢᠶᠠᠵᠢᠯ ᠪᠠᠶᠢᠭᠤᠯᠬᠤ᠂ ᠦᠢᠯᠡᠴᠢᠯᠡᠭᠡᠨ ᠤ ᠦᠢᠯᠡᠰ | ᠪᠤᠶᠤ ᠢᠳᠡᠭᠡᠨ ᠤᠮᠳᠠᠭᠠᠨ ᠤ ᠦᠢᠯᠡᠰ ᠡᠷᠬᠢᠯᠡᠬᠦ ᠪᠠᠷ ᠲᠠᠮᠵᠢᠭᠠᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠦ ᠪᠤᠢ᠃ ︽ ᠭᠡᠷᠡᠭᠴᠡᠭᠡᠨ ᠤ ᠬᠢᠷᠢ ᠪᠠᠷ ᠲᠥᠯᠥᠪᠯᠡᠬᠦ᠂ ᠲᠣᠰᠬᠤᠨ ᠤ | ᠪᠠᠶᠢᠳᠠᠯ ᠳᠤᠨᠢ ᠳᠣᠭᠢᠷᠠᠭᠤᠯᠬᠤ᠂ ᠬᠥᠮᠦᠨ ᠲᠤᠮᠢᠯᠠᠵᠤ ᠬᠠᠪᠰᠤᠷᠤᠨ ᠵᠢᠯᠤᠭᠤᠳᠬᠤ︾ ᠵᠠᠷᠴᠢᠮ ᠶᠣᠰᠣᠭᠠᠷ᠂ | ᠪᠠᠯᠭᠠᠰᠤᠨ ᠤ ᠨᠠᠮ ᠤᠨ ᠭᠡᠰᠢᠭᠦᠨ᠂ ᠡᠪᠯᠡᠯ ᠤᠨ ᠭᠡᠰᠢᠭᠦᠨ ᠢ ᠲᠣᠰᠬᠤᠨ ᠤ ᠡᠷᠬᠢᠯᠡᠭᠴᠢ ᠶᠢᠨ ᠲᠤᠰᠠᠯᠠᠭᠴᠢ ᠪᠤᠶᠤ | ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ ᠢᠶᠠᠷ ᠰᠤᠩᠭᠤᠨ ᠲᠤᠮᠢᠯᠠᠵᠤ᠂ ᠲᠤᠰᠬᠤᠨ ᠤ ︽ᠬᠤᠶᠠᠷ ᠵᠦᠪᠯᠡᠯ︾ | ᠳᠤ ᠬᠠᠪᠰᠤᠷᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ | ᠵᠠᠰᠠᠯᠲᠠ ᠵᠡᠷᠭᠡ ᠡᠯ᠎ᠡ ᠲᠦᠷᠦᠯ ᠤᠨ ᠠᠵᠢᠯ ᠢ ᠦᠷᠨᠢᠬᠦᠯᠪᠡ᠃ ᠤᠳᠤ 19 ᠨᠡᠷ᠎ᠡ ᠡᠪᠯᠡᠯ ᠤᠨ ᠭᠡᠰᠢᠭᠦᠨ | ᠵᠠᠯᠠᠭᠤᠴᠤᠳ ᠡᠯ᠎ᠡ ᠲᠤᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠳᠠᠷᠤᠭ᠎ᠠ ᠪᠤᠶᠤ ᠭᠡᠰᠢᠭᠦᠨ ᠤ | ᠲᠤᠰᠢᠶᠠᠯ ᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠠᠷᠤᠨᠲ | ᠲᠤ ᠭᠠᠪᠰᠢᠭᠠᠶᠢᠯᠠᠨ᠂ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠠᠵᠤ ᠦᠢᠯᠡᠰ ᠤᠨ ᠬᠥᠭᠵᠢᠯᠲᠡ᠂ ᠬᠥᠳᠡᠭᠡ | ᠲᠣᠰᠬᠤᠨ ᠤ ᠵᠠᠰᠠᠯᠲᠠ ᠵᠡᠷᠭᠡ ᠠᠵᠢᠯ ᠳᠤ ᠤᠷᠤᠯᠴᠠᠵᠤ᠂ ᠤᠯᠠᠨ ᠲᠦᠮᠡᠨ ᠤ ᠳᠡᠷᠭᠡᠳᠡ ᠬᠦᠨᠵᠡᠬᠡᠶᠢᠷᠡᠨ᠂ ᠤᠯᠠᠨ | ᠲᠦᠮᠡᠨ ᠲᠠᠢ ᠬᠠᠮᠲᠤ ᠠᠵᠢᠯᠯᠠᠵᠤ᠂ ᠨᠤᠲᠤᠭ ᠤᠰᠤᠨ ᠤ ᠪᠠᠨ ᠬᠥᠭᠵᠢᠯᠲᠡ ᠳᠤ ᠵᠠᠯᠠᠭᠤ ᠨᠠᠰᠤᠨ ᠤ ᠪᠠᠨ ᠬᠦᠴᠦᠨ | ᠴᠢᠳᠠᠯ ᠢ ᠡᠷᠬᠦᠵᠦ ᠪᠠᠶᠢᠨ᠎ᠠ᠃ |