ᠭᠦᠨᠪᠤᠯᠠᠭ ᠰᠤᠮᠤ᠄  ︽ᠤᠯᠠᠭᠠᠨ ᠪᠢᠴᠢᠭ ᠤᠨ ᠪᠣᠭᠴᠣ︾  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠬᠢᠨ ᠡᠯ᠎ᠡ ᠭᠠᠴᠠᠭᠠᠨ ᠳᠤ ᠬᠦᠨᠵᠡᠬᠡᠶᠢᠷᠡᠵᠦ ᠤᠬᠠᠭᠤᠯᠭ᠎ᠠ ᠲᠠᠶᠢᠯᠤᠮᠵᠢ ᠬᠢᠨ᠎ᠡ
ᠨᠡᠶᠢᠲᠡᠯᠡᠭᠰᠡᠨ ᠴᠠᠭ᠄
2024/5/7
  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷ᠂ ᠮᠠᠯᠴᠢᠨ ᠲᠦᠮᠡᠨ ᠢ ᠵᠢᠯᠤᠭᠤᠳᠤᠨ ︽ᠵᠢᠷᠭᠤᠭᠠᠨ  ᠦᠬᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ᠂ ᠣᠶᠢᠷ᠎ᠠ ᠳᠤ ᠬᠦᠨᠪᠤᠯᠠᠭ ᠰᠤᠮᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠤᠯᠠᠭᠠᠨ ᠪᠢᠴᠢᠭ ᠤᠨ ᠪᠣᠭᠴᠣ︾  ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠡᠯ᠎ᠡ ᠭᠠᠴᠠᠭᠠᠨ ᠳᠤ ᠬᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ᠂ ᠤᠯᠠᠨ ᠲᠦᠮᠡᠨ ᠤ ᠰᠣᠨᠣᠰᠴᠤ ᠣᠶᠢᠯᠠᠭᠠᠬᠤ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠵᠢᠯᠤᠭᠤᠳᠤᠨ ︽ᠵᠢᠷᠭᠤᠭᠠᠨ ᠦᠬᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠣᠶᠢᠯᠠᠭᠠᠭᠤᠯᠵᠤ᠂  ᠲᠡᠷᠭᠡᠳᠡ ᠡᠬᠦᠰᠦᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠪᠠᠷ ᠲᠠᠮᠵᠢᠭᠠᠳ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂  ᠨᠠᠮ ᠢᠶᠠᠨ ᠲᠠᠭᠠᠵᠤ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠠᠢ᠃ ᠳᠠᠷᠠᠭᠠᠴᠢ ᠶᠢᠨ ᠠᠯᠬᠤᠮ ᠳᠤ᠂ ᠭᠦᠨᠪᠤᠯᠠᠭ ᠰᠤᠮᠤ ᠨᠢ ᠦᠨᠳᠦᠰᠦᠲᠡᠨ ᠤ ᠠᠵᠢᠯ ᠢ ᠰᠠᠶᠢᠨ ᠬᠢᠬᠦ ᠴᠢᠭᠯᠡᠯ ᠪᠠ ᠭᠤᠤᠯᠳᠠᠯᠭ᠎ᠠ ᠶᠢ ᠪᠠᠲᠤ ᠡᠵᠡᠮᠳᠡᠵᠦ᠂ ︽ᠤᠯᠠᠭᠠᠨ ᠪᠢᠴᠢᠭ ᠤᠨ ᠪᠣᠭᠴᠣ︾ ᠳᠤ ᠲᠦᠰᠢᠭᠯᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠤ ᠬᠠᠯᠠᠮᠵᠢ ᠲᠡᠮᠵᠢᠯᠭᠡ ᠶᠢ ᠬᠥᠮᠦᠨ ᠪᠦᠬᠦᠨ ᠳᠤ ᠮᠡᠳᠡᠬᠦᠯᠬᠦ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号