ᠤᠢᠢᠷ᠎ᠠ ᠶᠢᠨ ᠵᠢᠯ ᠳᠤ᠂ ᠶᠦᠩ ᠹᠧᠩ ᠪᠠᠯᠭᠠᠰᠤᠨ ᠤ ᠨᠠᠮ ᠤᠨ ᠬᠤᠷᠢᠶ᠎ᠠ ᠨᠢ ᠳᠡᠭᠡᠳᠦ ᠱᠠᠲᠤᠨ ᠤ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠲᠦᠷᠦ ᠪᠠᠷ ᠵᠢᠯᠤᠭᠤᠳᠬᠤ᠂ | ᠠᠷᠠᠳ ᠲᠦᠮᠡᠨ ᠳᠤ ᠦᠢᠯᠡᠴᠢᠯᠡᠬᠦ᠂ ᠦᠨᠳᠦᠰᠦᠨ ᠱᠠᠳᠤ ᠶᠢ ᠵᠠᠰᠠᠬᠤ︾ ᠭᠤᠷᠪᠠᠨ ᠶᠡᠭᠡ ᠴᠢᠳᠠᠪᠬᠢ ᠶᠢ | ᠲᠤᠪᠤᠶᠢᠯᠭᠠᠨ᠂ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠤᠨ ᠰᠠᠭᠤᠷᠢᠨ ᠭᠠᠵᠠᠷ ᠢ | ᠪᠠᠲᠤ ᠴᠤᠭᠴᠠᠯᠠᠵᠤ ᠪᠤᠢ᠃ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠲᠠᠢ ᠨᠢᠭᠲᠠ ᠤᠶᠠᠯᠳᠤᠭᠤᠯᠤᠨ᠂ | ᠠᠶᠢᠮᠠᠭ ᠤᠨ ᠱᠠᠲᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾᠂ ︽ᠲᠠᠪᠤᠨ ᠬᠦᠴᠦᠷᠬᠡᠭ︾ ᠨᠠᠮ ᠤᠨ | ᠵᠣᠬᠢᠶᠠᠨ ᠪᠠᠶᠢᠭᠤᠯᠤᠯᠲᠠ 2᠂ ᠠᠶᠢᠮᠠᠭ ᠤᠨ ᠱᠠᠲᠤᠨ ᠤ ︽ᠬᠠᠮᠤᠭ ᠤᠨ ᠬᠦᠴᠦᠷᠭᠡᠭ ᠨᠠᠮ ᠤᠨ ᠡᠭᠦᠷ︾ ᠤᠨ | ᠵᠢᠱᠢᠶ᠎ᠡ ᠦᠵᠡᠭᠦᠯᠬᠦ ᠴᠡᠭ 1᠂ ᠠᠶᠢᠮᠠᠭ ᠤᠨ ᠱᠠᠲᠤᠨ ᠤ ︽ᠪᠠᠲᠤ ᠪᠠᠬᠢᠯᠡᠯᠲᠡ︾ ᠨᠠᠮ ᠤᠨ ᠡᠭᠦᠷ 2 ᠂ | ᠬᠤᠰᠢᠭᠤ ᠱᠠᠲᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾ 11᠂ ︽ᠲᠠᠪᠤᠨ ᠬᠦᠴᠦᠷᠬᠡᠭ︾ | ᠨᠠᠮ ᠤᠨ ᠵᠣᠬᠢᠶᠠᠨ ᠪᠠᠶᠢᠭᠤᠯᠤᠯᠲᠠ 12 ᠢ ᠠᠮᠵᠢᠯᠲᠠ ᠲᠠᠢ ᠡᠭᠦᠳᠦᠨ ᠪᠠᠶᠢᠭᠤᠯᠤᠭᠠᠳ᠂ ᠦᠨᠳᠦᠰᠦᠨ ᠱᠠᠲᠤᠨ ᠤ | ᠳᠠᠶᠢᠴᠢᠨ ᠪᠠᠬᠢᠯᠡᠯᠲᠡ ᠶᠢᠨ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ ᠢᠷᠡᠪᠡ᠃ ︽ᠨᠠᠮ ᠤᠨ ᠪᠠᠶᠢᠭᠤᠯᠤᠯᠲᠠ᠂ | ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ ᠦᠢᠯᠡᠴᠢᠯᠡᠬᠦ ︽ᠭᠤᠷᠪᠠᠨ ᠭᠤᠤᠯᠳᠠᠯᠭ᠎ᠠ︾ ᠶᠢᠨ ᠪᠠᠷᠢᠮᠵᠢᠶ᠎ᠠ | ᠶᠣᠰᠣᠭᠠᠷ᠂ ᠳᠡᠭᠡᠳᠦ ᠱᠠᠲᠤᠨ ᠤ ᠪᠠᠯᠠ ᠮᠥᠩᠭᠦ ᠪᠠ ᠬᠠᠮᠲᠤ ᠶᠢᠨ ᠠᠵᠤ ᠠᠬᠤᠶ ᠶᠢᠨ ᠤᠷᠤᠯᠭ᠎ᠠ ᠶᠢ ᠠᠰᠢᠭᠯᠠᠵᠤ᠂ | ᠪᠠᠷᠢᠮᠵᠢᠶᠠᠵᠢᠵᠤ ᠲᠦᠷᠢᠮᠵᠢᠭᠰᠡᠨ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠰᠠᠭᠤᠷᠢᠨ ᠭᠠᠵᠠᠷ 7 ᠶᠢ | ᠲᠤᠷᠰᠢᠨ ᠪᠠᠶᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠪᠠ ᠵᠥᠷᠢᠴᠡᠯ ᠵᠢᠭᠤᠷᠠᠭᠠᠨ ᠰᠢᠢᠳᠪᠦᠷᠢᠯᠡᠬᠦ | ᠲᠠᠰᠤᠭ᠂ ᠠᠷᠠᠳ ᠤᠨ ᠲᠥᠯᠥᠭᠡᠯᠡᠭᠴᠢᠳ ᠤᠨ ᠭᠡᠷ᠂ ᠨᠠᠮ ᠤᠨ ᠭᠡᠰᠢᠭᠦᠨ ᠤ ᠬᠦᠳᠡᠯᠪᠦᠷᠢ ᠶᠢᠨ ᠦᠷᠦᠭᠡ᠂ ᠨᠣᠮ | ᠪᠢᠴᠢᠭ ᠤᠨ ᠲᠠᠰᠤᠭ ᠵᠡᠷᠭᠡ ᠴᠢᠳᠠᠮᠵᠢᠲᠤ ᠣᠷᠣᠨ ᠪᠦᠰᠡ ᠶᠢ ᠲᠤᠬᠢᠷᠠᠭᠤᠯᠤᠭᠠᠳ᠂ ᠰᠤᠷᠤᠯᠴᠠᠯᠭ᠎ᠠ ᠤᠬᠠᠭᠤᠯᠭ᠎ᠠ᠂ | ᠨᠠᠮ ᠤᠨ ᠶᠠᠪᠤᠳᠠᠯ ᠤᠨ ᠦᠢᠯᠡᠴᠢᠯᠡᠭᠡ᠂ ᠬᠠᠪᠰᠤᠷᠤᠨ ᠬᠦᠢᠴᠡᠳᠭᠡᠵᠦ ᠣᠷᠣᠯᠠᠨ ᠬᠦᠢᠴᠡᠳᠭᠡᠬᠦ᠂ ᠠᠷᠠᠳ ᠤᠨ | ᠶᠠᠪᠤᠳᠠᠯ᠂ ᠡᠮᠨᠡᠯᠭᠡ ᠶᠢᠨ ᠳᠠᠭᠠᠳᠬᠠᠯ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠠᠵᠢᠯ ᠢ ᠬᠢᠵᠦ ᠪᠠᠶᠢᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ᠂ ᠨᠠᠮ ᠤᠨ ᠱᠤᠭᠤᠮ ᠴᠢᠭᠯᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠲᠠᠢ ᠤᠶᠠᠯᠳᠤᠭᠤᠯᠵᠤ᠂ ︽ ᠭᠤᠷᠪᠠᠨ ᠤᠬᠠᠭᠤᠯᠭ᠎ᠠ︾ ᠶᠢ ᠰᠠᠶᠢᠲᠤᠷ | ᠨᠠᠶᠢᠳᠠᠪᠤᠷᠢᠵᠢᠭᠤᠯᠤᠨ᠂ ᠨᠣᠮ ᠤᠨ ᠦᠷᠦᠭᠡ᠂ ᠤᠬᠠᠭᠤᠯᠭ᠎ᠠ ᠶᠢᠨ ᠪᠤᠯᠤᠩ᠂ ᠢᠷᠠᠭᠤ ᠠᠯᠳᠠᠷ ᠤᠨ ᠰᠠᠮᠪᠠᠷ᠎ᠠ᠂ | ᠡᠯᠧᠺᠲᠷᠤᠨ ᠳᠡᠯᠭᠡᠴᠡ᠂ ︽ᠭᠤᠷᠪᠠᠨ ᠬᠤᠷᠠᠯ ᠨᠢᠭᠡ ᠬᠢᠴᠢᠶᠡᠯ︾ ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠤᠯᠠᠨ ᠵᠦᠢᠯ ᠤᠨ ᠪᠦᠲᠦᠮᠵᠢᠲᠡᠢ ᠠᠷᠭ᠎ᠠ ᠵᠠᠮ ᠢᠶᠠᠷ | ᠲᠠᠮᠵᠢᠭᠠᠳ᠂ ᠨᠠᠮ ᠤᠨ ᠤᠨᠤᠯ ᠢ ᠡᠭᠡᠯ ᠠᠷᠠᠳ ᠤᠨ ᠭᠡᠷ ᠲᠤ ᠬᠦᠷᠭᠡᠵᠦ᠂ ᠤᠯᠠᠨ ᠲᠦᠮᠡᠨ ᠤ ︽ᠨᠠᠮ ᠤᠨ ᠢᠶᠠᠨ | ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠲᠠᠭᠠᠵᠤ ᠤᠷᠤᠭᠰᠢᠯᠠᠬᠤ︾ ᠶᠢ | ᠪᠡᠶᠡᠯᠡᠬᠦᠯᠪᠡ᠃ ︽ᠮᠥᠩᠬᠡ ᠰᠤᠪᠠᠭ︾ ︽ᠰᠢᠯᠢ ᠶᠢᠨ ᠦᠢᠯᠡᠴᠢᠯᠡᠭᠡ︾ ᠵᠡᠷᠭᠡ APP ᠶᠢ ᠲᠡᠯᠬᠡᠷᠡᠬᠦᠯᠦᠨ | ᠭᠡᠷᠡᠭᠯᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ︽ᠭᠤᠷᠪᠠᠨ ᠦᠢᠯᠡᠴᠢᠯᠡᠭᠡ︾ ᠶᠢ ᠭᠦᠨᠵᠡᠭᠡᠶᠢᠷᠡᠭᠦᠯᠦᠨ | ᠪᠤᠳᠠᠳᠠᠶᠢᠵᠢᠭᠤᠯᠵᠤ᠂ 2023 ᠣᠨ ᠳᠤ 1240 ᠭᠠᠷᠤᠢ ︵ᠤᠳᠠᠭ᠎ᠠ︶ ᠤᠯᠠᠨ ᠲᠦᠮᠡᠨ ᠢ ᠬᠦᠯᠢᠶᠡᠨ ᠠᠪᠴᠤ᠂ | 875 ᠬᠤᠪᠢ ᠡᠯ᠎ᠡ ᠲᠦᠷᠦᠯ ᠤᠨ ᠭᠡᠷᠡᠭ ᠶᠠᠪᠤᠳᠠᠯ ᠢ ᠤᠷᠤᠯᠠᠨ ᠬᠦᠢᠴᠡᠳᠭᠡᠬᠦ ᠪᠤᠶᠤ ᠬᠠᠪᠰᠤᠷᠤᠨ | ᠬᠦᠢᠴᠡᠳᠭᠡᠵᠡᠢ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ | ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠰᠠᠭᠤᠷᠢᠨ ᠭᠠᠵᠠᠷ ᠲᠤ ᠲᠦᠰᠢᠭᠯᠡᠵᠦ ︽ᠭᠤᠷᠪᠠᠨ ᠶᠠᠪᠤᠳᠠᠯ︾ ᠢ ᠢᠯᠡ | ᠪᠣᠯᠭᠠᠬᠤ ᠪᠤᠯᠤᠩ ᠨᠡᠭᠡᠭᠡᠭᠰᠡᠨ ᠪᠦᠭᠡᠳ ᠲᠣᠰᠬᠤᠨ ᠤ ᠸᠢᠴᠠᠲ ᠴᠤᠭᠯᠠᠷᠠᠯ᠂ ᠬᠤᠰᠢᠭᠤᠨ ᠤ ︽ᠭᠤᠷᠪᠠᠨ ᠶᠠᠪᠤᠳᠠᠯ︾ | ᠢ ᠢᠯᠡ ᠪᠣᠯᠭᠠᠬᠤ ᠲᠠᠪᠴᠠᠩ ᠵᠡᠷᠭᠡ ᠶᠢ ᠠᠰᠢᠭᠯᠠᠵᠤ᠂ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ | ᠶᠠᠪᠤᠳᠠᠯ ᠢ ᠨᠠᠮ ᠤᠨ ᠭᠡᠰᠢᠭᠦᠨ ᠣᠯᠠᠨ ᠲᠦᠮᠡᠨ ᠳᠤ ᠴᠠᠭ ᠲᠤᠬᠠᠶ ᠳᠤᠨᠢ ᠨᠡᠶᠢᠳᠡᠯᠡᠪᠡ᠃ ᠲᠣᠰᠬᠤᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠬᠢᠨᠠᠨ ᠰᠢᠯᠭᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠢᠯ ᠤᠨ | ᠡᠴᠦᠰ ᠤᠨ ᠬᠢᠨᠠᠨ ᠰᠢᠯᠭᠠᠬᠤ ᠠᠵᠢᠯ ᠲᠠᠢ ᠤᠶᠠᠯᠳᠤᠭᠤᠯᠤᠨ᠂ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠪᠠ ᠨᠠᠮ | ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠪᠠᠶᠢᠳᠠᠯ ᠢᠶᠠᠷ ᠭᠤᠤᠯ ᠠᠭᠤᠯᠭ᠎ᠠ ᠪᠣᠯᠭᠠᠵᠤ ᠂ | ᠲᠤᠰᠬᠠᠶ ᠠᠵᠢᠯᠯᠠᠬᠤ ᠠᠩᠭᠢ ᠪᠠᠶᠢᠭᠤᠯᠤᠨ ᠠᠷᠠᠳᠴᠢᠯᠠᠯ ᠢᠶᠠᠷ ᠰᠢᠯᠭᠠᠨ ᠦᠨᠡᠯᠡᠵᠦ᠂ ᠰᠠᠶᠢᠨ ᠢ ᠨᠢ ᠱᠠᠩᠨᠠᠨ | ᠵᠤᠷᠢᠬᠵᠢᠭᠤᠯᠵᠤ ᠮᠠᠭᠤ ᠶᠢ ᠨᠢ ᠵᠠᠯᠬᠠᠭᠠᠨ ᠰᠢᠳᠬᠡᠵᠡᠢ᠃ |