ᠨᠢᠭᠡ ᠳᠤ᠂ ︽ᠲᠤᠬᠢᠷᠠᠭᠤᠯᠤᠯᠳᠠ︾ ᠶᠢ ᠲᠡᠷᠢᠭᠦᠨ ᠳᠤ ᠲᠠᠯᠪᠢᠵᠤ᠂ ᠲᠠᠷᠢᠶᠠᠯᠠᠩ ᠤᠨ ᠪᠠᠶᠢᠷᠢᠰᠢᠭᠤᠯᠤᠯᠲᠠ ᠶᠢ | ᠰᠢᠯᠢᠳᠡᠭᠵᠢᠬᠦᠯᠦᠭᠰᠡᠨ᠃ ᠯᠦᠸᠧ ᠲᠦᠸᠧ ᠱᠠᠨ ᠪᠠᠯᠭᠠᠰᠤ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2024 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠤᠨ᠂ ᠪᠥᠬᠦ ᠪᠠᠯᠭᠠᠰᠤᠨ ᠤ ᠲᠠᠷᠢᠶᠠᠯᠠᠩ | ᠦᠢᠯᠡᠳᠪᠦᠷᠢᠯᠡᠯ ᠤᠨ ᠠᠵᠢᠯ ᠤᠨ ᠰᠡᠳᠬᠢᠴᠡ ᠵᠢᠴᠢ ᠡᠭᠦᠷᠭᠡ ᠬᠠᠷᠠᠯᠲᠠ ᠶᠢ ᠨᠠᠷᠢᠨ ᠬᠢᠨᠠᠮᠠᠭᠠᠶ ᠲᠦᠯᠦᠪᠵᠢᠬᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠨ᠂ ᠣᠷᠭᠠᠨᠢᠭ ᠪᠣᠷᠲᠣᠭᠤᠷ ᠤᠨ | ᠲᠥᠷᠥᠯ ᠵᠦᠢᠯ ᠢ ᠡᠷᠡᠮᠡᠯᠵᠡᠯᠡᠨ ᠣᠯᠵᠤ᠂ ᠤᠰᠤ ᠠᠷᠪᠢᠯᠠᠬᠤ ᠲᠠᠷᠢᠶᠠᠯᠠᠩ ᠪᠠ ᠣᠷᠭᠠᠨᠢᠭ ᠲᠠᠷᠢᠶᠠᠯᠠᠩ ᠢ ᠵᠡᠷᠭᠡᠪᠡᠷ | ᠬᠦᠭᠵᠢᠬᠦᠯᠦᠨ᠂ ︽ᠬᠥᠷᠥᠰᠥ ᠰᠢᠷᠣᠶ ᠶᠢ ᠰᠠᠶᠢᠵᠢᠷᠠᠭᠤᠯᠵᠤ᠂ ᠲᠥᠮᠥᠰᠥ ᠶᠢ ᠲᠣᠭᠲᠠᠪᠤᠷᠢᠵᠢᠭᠤᠯᠤᠨ ᠠᠮᠤ | ᠪᠤᠳᠠᠭ᠎ᠠ ᠶᠢ ᠨᠡᠮᠡᠭᠳᠡᠭᠦᠯᠬᠦ︾ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠰᠢᠬᠢᠷ ᠯᠤᠤᠪᠠᠩ᠂ ᠬᠤᠮᠠ᠂ ᠥᠨᠳᠥᠷ | ᠤᠨᠠᠯᠳᠠᠳᠤ ᠡᠪᠡᠰᠦ ᠪᠣᠷᠳᠤᠭ᠎ᠠ ᠵᠡᠷᠭᠡ ᠠᠵᠤ ᠠᠬᠤᠶ ᠶᠢᠨ ᠲᠠᠷᠢᠮᠠᠯ ᠤᠨ ᠲᠠᠯᠠᠪᠠᠢ ᠳᠤ ᠵᠦᠢ ᠵᠣᠬᠢᠰᠲᠠᠶ | ᠲᠤᠬᠢᠷᠠᠭᠤᠯᠤᠯᠳᠠ ᠬᠢᠵᠡᠢ᠃ ᠲᠥᠮᠥᠰᠥ ᠲᠠᠷᠢᠬᠤ ᠳᠠᠭᠠᠨ ᠭᠦᠨ ᠬᠠᠭᠠᠯᠪᠤᠷᠢᠯᠠᠬᠤ ᠵᠢᠴᠢ ᠲᠠᠷᠢᠶᠠᠨ ᠭᠠᠵᠠᠷ ᠤᠨ | ᠴᠢᠳᠠᠯ ᠢ ᠳᠡᠭᠡᠭᠰᠢᠯᠡᠭᠦᠯᠬᠦ ᠲᠥᠷᠥᠯ ᠵᠦᠢᠯ ᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ᠲᠠᠷᠢᠮᠠᠯ ᠤᠨ ᠰᠠᠭᠤᠷᠢᠨ | ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠨ ᠠᠳᠬᠤᠪᠠ᠃ | ᠲᠤᠰ ᠪᠠᠯᠭᠠᠰᠤᠨ ᠤ ᠬᠢᠨ ᠡᠨᠡ ᠬᠠᠪᠤᠷ ᠠᠮᠤ ᠪᠤᠳᠠᠭᠠᠨ ᠤ ᠲᠠᠷᠢᠮᠠᠯ 14.85 ᠲᠦᠮᠡᠨ ᠮᠥ ︵ᠡᠭᠦᠨ ᠳᠤ ᠲᠥᠮᠥᠰᠥ | 6.44 ᠲᠦᠮᠡᠨ ᠮᠥ︶᠂ ᠠᠵᠤ ᠠᠬᠤᠶ ᠶᠢᠨ ᠲᠠᠷᠢᠮᠠᠯ 10.01 ᠲᠦᠮᠡᠨ ᠮᠥ ︵ᠡᠭᠦᠨ ᠳᠤ ᠨᠤᠭᠤᠭᠠᠨ ᠪᠣᠷᠳᠤᠭ᠎ᠠ | 4.8 ᠲᠦᠮᠡᠨ ᠮᠥ᠂ ᠢᠳᠡᠰᠢᠨ ᠨᠣᠭᠤᠭ᠎ᠠ 0.83 ᠲᠦᠮᠡᠨ ᠮᠥ︶ ᠲᠠᠷᠢᠬᠤ ᠪᠠᠷ ᠲᠦᠯᠦᠪᠯᠡᠭᠡᠳ᠂ ︽ᠬᠦᠨᠡᠰᠦᠨ ᠤ | ᠤᠭᠤᠲᠠ︾ ᠪᠠ ︽ᠨᠤᠭᠤᠭᠠᠨ ᠤ ᠰᠠᠭᠰᠤ︾ ᠶᠢᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ᠂ ᠭᠡᠰᠡᠭᠯᠡᠨ ᠳᠠᠭᠠᠭᠠᠴᠢᠯᠠᠭᠰᠠᠨ ᠤᠳᠤᠷᠢᠳᠤᠯᠭ᠎ᠠ | ᠬᠠᠮᠲᠤ ᠪᠠᠷ ᠠᠳᠬᠤᠬᠤ ᠶᠢ ᠪᠡᠶᠡᠯᠡᠬᠦᠯᠵᠦ᠂ ᠡᠯ᠎ᠡ ᠲᠣᠰᠬᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ | ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠳᠤᠯᠠᠵᠤ ᠪᠠᠶᠢᠨ᠎ᠠ᠃ | ᠬᠤᠶᠠᠷ ᠲᠤ᠂ ︽ᠤᠬᠠᠭᠤᠯᠭ᠎ᠠ︾ ᠪᠠᠷ ᠰᠠᠭᠤᠷᠢ ᠪᠣᠯᠭᠠᠵᠤ᠂ ᠲᠠᠷᠢᠶᠠᠴᠢᠳ ᠤᠨ ᠢᠲᠡᠭᠡᠯ ᠵᠤᠷᠢᠭ ᠢ | ᠨᠡᠮᠡᠭᠳᠡᠬᠦᠯᠦᠭᠰᠡᠨ᠃ ᠯᠦᠸᠧ ᠲᠦᠸᠧ ᠱᠠᠨ ᠪᠠᠯᠭᠠᠰᠤ ᠨᠢ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ | ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ | ᠲᠣᠰᠬᠤᠨ ᠳᠤ ᠰᠠᠭᠤᠭ᠎ᠠ ᠺᠠᠳ᠋ᠷ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠵᠡᠷᠭᠡ ᠶᠢ ᠵᠣᠬᠢᠶᠠᠨ ᠪᠠᠶᠢᠭᠤᠯᠵᠤ᠂ ︽ | ᠲᠥᠪᠯᠡᠷᠡᠭᠦᠯᠦᠨ ᠬᠢᠴᠢᠶᠡᠯ ᠤᠷᠤᠬᠤ + ᠡᠷᠦᠬᠡ ᠳᠤ ᠣᠷᠣᠵᠤ ᠲᠠᠶᠢᠯᠪᠤᠷᠢᠯᠠᠬᠤ︾ ᠠᠷᠭ᠎ᠠ ᠬᠡᠯᠪᠡᠷᠢ ᠪᠠᠷ ︽ | ᠲᠠᠷᠢᠶᠠᠯᠠᠩ ᠤᠨ ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠲᠤᠬᠠᠶ ᠠᠯᠪᠠᠨ ᠵᠠᠷᠯᠠᠯ︾ ︽ | ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠬᠡᠷᠡᠭᠵᠢᠭᠦᠯᠬᠦ ᠲᠦᠰᠦᠪ︾ ᠵᠡᠷᠭᠡ ᠲᠦᠷᠦ ᠶᠢᠨ ᠪᠤᠳᠤᠯᠭ᠎ᠠ ᠶᠢ | ᠤᠬᠠᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠬᠦ᠂ ᠮᠠᠰᠢᠨ ᠬᠤᠳᠠᠯᠳᠤᠨ ᠠᠪᠬᠤ ᠵᠡᠷᠭᠡ | ᠦᠢᠯᠡᠳᠪᠦᠷᠢᠯᠡᠯ ᠤᠨ ᠮᠡᠷᠭᠡᠵᠢᠯ ᠢ ᠦᠪᠯᠡᠬᠦᠯᠬᠦ ᠶᠢᠨ ᠬᠠᠮᠳᠤ᠂ ︽ᠲᠤᠰᠬᠤᠨ ᠤ ᠷᠠᠳᠢᠣ᠋︾᠂ ︽ᠭᠤᠷᠪᠠᠨ ᠶᠠᠪᠤᠳᠠᠯ︾ | ᠢ ᠢᠯᠡ ᠪᠣᠯᠭᠠᠬᠤ ᠰᠠᠮᠪᠠᠷ᠎ᠠ᠂ ᠲᠣᠰᠬᠤᠨ ᠤ ᠠᠷᠠᠳ ᠤᠨ ᠸᠢᠴᠠᠲ ᠴᠤᠭᠯᠠᠷᠠᠯ ᠵᠡᠷᠭᠡ ᠶᠢ ᠠᠰᠢᠭᠯᠠᠨ᠂ ᠠᠮᠤ | ᠪᠤᠳᠠᠭᠠᠨ ᠤ ᠠᠮᠤᠷ ᠲᠦᠪᠰᠢᠨ ᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠠᠷᠢᠶᠠᠴᠢᠳ ᠤᠨ ᠲᠠᠷᠢᠶᠠᠯᠠᠩ ᠦᠢᠯᠡᠳᠪᠦᠷᠢᠯᠡᠯ ᠢᠶᠠᠨ | ᠬᠥᠭᠵᠢᠭᠦᠯᠬᠦ ᠢᠲᠡᠭᠡᠯ ᠵᠣᠷᠢᠭ ᠢ ᠨᠡᠮᠡᠭᠳᠡᠬᠦᠯᠪᠡ᠃ | ᠭᠤᠷᠪᠠ ᠳᠤ᠂ ︽ᠪᠡᠯᠡᠳᠬᠡᠯ︾ ᠢ ᠲᠡᠷᠢᠭᠦᠨ ᠳᠤ ᠲᠠᠯᠪᠢᠵᠤ᠂ ᠬᠠᠪᠤᠷ ᠤᠨ ᠲᠠᠷᠢᠶᠠᠯᠠᠭ᠎ᠠ ᠳᠤ ᠪᠦᠬᠦ ᠬᠦᠴᠦᠨ | ᠢᠶᠠᠷ ᠦᠢᠯᠡᠴᠢᠯᠡᠭᠰᠡᠨ᠃ ᠯᠦᠸᠧ ᠲᠦᠸᠧ ᠱᠠᠨ ᠪᠠᠯᠭᠠᠰᠤ ᠨᠢ ᠲᠠᠷᠢᠮᠠᠯ ᠤᠨ ᠡᠷᠦᠬᠡ ᠶᠢ ᠢᠳᠡᠪᠬᠢᠲᠡᠶ ᠪᠠᠷ ᠵᠣᠬᠢᠶᠠᠨ | ᠪᠠᠶᠢᠭᠤᠯᠵᠤ᠂ ᠲᠠᠷᠢᠮᠠᠯ ᠤᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠂ ᠰᠦᠯᠢᠶᠣᠣ ᠪᠦᠷᠬᠦᠪᠴᠢ ᠵᠡᠷᠭᠡ | ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠬᠠᠩᠭᠠᠯᠭ᠎ᠠ ᠶᠢ ᠰᠠᠶᠢᠨ ᠬᠢᠬᠦ ᠶᠢᠨ ᠬᠠᠮᠲᠤ᠂ ᠦᠢᠯᠡᠳᠪᠦᠷᠢᠯᠡᠯ ᠤᠨ | ᠬᠡᠷᠡᠭᠰᠡᠯ ᠤᠨ ᠵᠠᠬ᠎ᠠ ᠳᠡᠯᠭᠡᠭᠦᠷ ᠪᠠ ᠪᠣᠷᠣᠯᠠᠭᠤᠯᠭ᠎ᠠ ᠶᠢᠨ ᠴᠡᠭ ᠲᠤ ᠭᠦᠨᠵᠡᠭᠡᠶᠢᠷᠡᠨ ᠬᠢᠨᠠᠯᠳᠠ ᠪᠠᠶᠢᠴᠠᠭᠠᠯᠲᠠ ᠪᠠ | ᠤᠬᠠᠭᠤᠯᠭ᠎ᠠ ᠬᠦᠮᠦᠵᠢᠯ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠢ ᠪᠠᠳᠤᠯᠠᠨ᠂ | ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠭᠡᠷᠡᠭᠰᠡᠯ ᠤᠨ ᠬᠡᠷᠡᠭᠴᠡᠭᠡ ᠶᠢ ᠬᠠᠩᠭᠠᠵᠠᠢ᠃ ᠢᠯᠠᠩᠭᠤᠶ᠎ᠠ ᠪᠦᠬᠦ | ᠪᠠᠯᠭᠠᠰᠤᠨ ᠤ ᠦᠢᠯᠡᠳᠪᠦᠷᠢᠯᠡᠯ ᠤᠨ ᠭᠡᠷᠡᠭᠰᠡᠯ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠣᠯᠤᠨ ᠡᠵᠡᠩᠨᠡᠯᠲᠡ ᠶᠢᠨ | ᠭᠤᠣᠯ ᠴᠣᠭᠴᠠ ᠳᠤ ᠤᠶᠢᠯᠠᠭᠠᠨ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠳᠤᠲᠠᠭᠤᠳᠠᠯ ᠢ ᠲᠤᠳᠤᠷᠬᠠᠢ ᠡᠵᠡᠮᠰᠢᠨ᠂ ᠲᠠᠷᠢᠮᠠᠯ ᠤᠨ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ | ᠰᠦᠯᠢᠶᠤᠤ ᠪᠦᠷᠬᠦᠪᠴᠢ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠴᠠᠭ ᠲᠤᠬᠠᠢ ᠳᠤᠨᠢ ᠲᠤᠬᠢᠷᠠᠭᠤᠯᠤᠨ | ᠨᠥᠬᠦᠪᠥᠷᠢᠯᠡᠵᠦ᠂ ᠬᠠᠪᠤᠷ ᠤᠨ ᠲᠠᠷᠢᠶᠠᠯᠠᠭ᠎ᠠ ᠳᠤ ᠭᠡᠷᠡᠭᠰᠡᠬᠦ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ | ᠭᠦᠢᠴᠡᠳ ᠪᠠᠳᠤᠯᠠᠪᠠ᠃ ᠪᠥᠬᠦ ᠪᠠᠯᠭᠠᠰᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠴᠢᠨᠠᠭᠰᠢᠳᠠ | ᠳᠡᠭᠡᠭᠰᠢᠯᠡᠵᠦ᠂ ᠲᠠᠷᠢᠶᠠᠯᠠᠩ ᠤᠨ ᠤᠷᠤᠨ ᠲᠣᠭᠤᠷᠢᠭ ᠲᠤ ᠯᠧᠢ ᠸᠧ᠂ ᠳ᠋ᠦᠩ ᠹᠠᠩ ᠬᠤᠩ ᠵᠡᠷᠭᠡ ᠲᠣᠮᠣ | ᠬᠡᠯᠪᠡᠷᠢ ᠶᠢᠨ ᠲᠷᠠᠺᠲ᠋ᠣᠷ ᠵᠢᠴᠢ ᠢᠵᠢ ᠪᠥᠷᠢᠳᠦᠭᠰᠡᠨ ᠮᠠᠰᠢᠨ ᠲᠥᠬᠦᠭᠡᠷᠦᠮᠵᠢ ᠲᠠᠢ ᠪᠤᠯᠤᠭᠠᠳ᠂ ᠬᠡᠰᠡᠭ | ᠬᠤᠷᠰᠢᠶᠠᠵᠢᠯ ᠨᠢ ᠪᠠᠰᠠ ᠪᠣᠷᠳᠣᠭᠤᠷ ᠣᠷᠣᠭᠤᠯᠬᠤ ᠮᠠᠰᠢᠨ᠂ ᠡᠮ ᠰᠠᠴᠤᠬᠤ ᠵᠢᠯᠣᠭᠤᠴᠢ ᠦᠭᠡᠢ ᠨᠢᠰᠬᠡᠯ ᠵᠡᠷᠭᠡ | ᠲᠡᠷᠢᠭᠦᠨ ᠤ ᠮᠠᠰᠢᠨ ᠲᠥᠬᠦᠭᠡᠷᠦᠮᠵᠢ ᠶᠢ ᠭᠡᠷᠡᠭᠯᠡᠵᠦ ᠪᠠᠶᠢᠨ᠎ᠠ᠃ | ᠲᠦᠷᠪᠡ ᠳᠤ᠂ ︽ᠮᠡᠷᠭᠡᠵᠢᠯ︾ ᠢᠶᠠᠷ ᠲᠦᠰᠢᠭ ᠪᠣᠯᠭᠠᠵᠤ᠂ ᠮᠡᠷᠭᠡᠵᠢᠯ ᠤᠨ ᠵᠢᠯᠤᠭᠤᠳᠤᠯᠭ᠎ᠠ ᠶᠢ | ᠴᠢᠩᠭᠠᠳᠬᠠᠭᠰᠠᠨ᠃ ᠯᠦᠸᠧ ᠲᠦᠸᠧ ᠱᠠᠨ ᠪᠠᠯᠭᠠᠰᠤ ᠨᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ | ᠲᠠᠷᠢᠶᠠᠴᠢᠨ ᠡᠷᠦᠬᠡ ᠪᠠ ᠲᠠᠷᠢᠶᠠᠨ ᠭᠠᠵᠠᠷ ᠲᠤ ᠭᠦᠨᠵᠡᠭᠡᠶᠢᠷᠡᠨ ︽ᠰᠤᠳᠠᠯ ᠪᠠᠷᠢᠵᠤ ᠣᠨᠣᠰᠢᠯᠠᠬᠤ︾ ᠠᠷᠭ᠎ᠠ ᠪᠠᠷ | ᠲᠠᠷᠢᠮᠠᠯ ᠤᠨ ᠲᠦᠷᠦᠯ ᠵᠦᠢᠯ ᠂ ᠲᠠᠷᠢᠬᠤ ᠠᠷᠭ᠎ᠠ ᠮᠡᠷᠭᠡᠵᠢᠯ ᠪᠣᠯᠤᠨ ᠰᠢᠨ᠎ᠡ ᠪᠣᠷᠲᠣᠭᠤᠷ᠂ ᠰᠢᠨ᠎ᠡ ᠡᠮ᠂ ᠰᠢᠨ᠎ᠡ | ᠮᠠᠰᠢᠨ ᠲᠦᠬᠦᠭᠡᠷᠦᠮᠵᠢ ᠵᠡᠷᠭᠡ ᠶᠢᠨ ᠲᠣᠭᠤᠷᠢᠨ ᠳᠤ ᠣᠯᠠᠨ ᠶᠠᠩᠵᠤ ᠶᠢᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ | ᠲᠠᠷᠢᠶᠠᠯᠠᠭ᠎ᠠ ᠶᠢᠨ ᠪᠦᠬᠦ ᠶᠠᠪᠤᠴᠠ ᠳᠤ ᠮᠥᠷᠳᠡᠨ ᠵᠢᠯᠣᠭᠤᠳᠬᠤ ᠦᠢᠯᠡᠴᠢᠯᠡᠭᠡ ᠬᠢᠵᠦ ᠪᠤᠢ᠃ ᠡᠬᠦᠨ ᠤ ᠬᠠᠮᠳᠤ᠂ | ᠲᠠᠷᠢᠶᠠᠯᠠᠩ ᠤᠨ ᠲᠤᠰᠬᠠᠶ ᠮᠡᠷᠭᠡᠵᠢᠯᠲᠡᠨ ᠪᠣᠯᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ | ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ | ᠠᠵᠢᠯ ᠢ ᠥᠷᠨᠢᠭᠦᠯᠵᠦ᠂ ᠲᠠᠷᠢᠶᠠᠴᠢᠳ ᠢ ᠵᠢᠯᠤᠭᠤᠳᠤᠨ ᠬᠥᠷᠥᠰᠥ ᠰᠢᠷᠣᠶ ᠪᠣᠷᠲᠣᠭᠤᠷ ᠤᠰᠤᠨ ᠤ ᠬᠠᠮᠢᠶᠠᠷᠤᠯᠲᠠ᠂ | ᠡᠪᠡᠳᠴᠢᠨ ᠬᠡᠮ ᠬᠤᠷᠣᠬᠠᠶ ᠰᠢᠪᠠᠵᠢ ᠶᠢ ᠰᠡᠷᠭᠡᠶᠢᠯᠡᠨ ᠵᠠᠰᠠᠬᠤ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠠᠵᠢᠯ ᠢ ᠰᠠᠶᠢᠨ ᠬᠢᠯᠬᠡᠵᠦ᠂ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠮᠡᠷᠭᠡᠵᠢᠯ ᠤᠨ ᠠᠰᠠᠭᠤᠳᠠᠯ ᠢ | ᠰᠢᠢᠳᠪᠦᠷᠢᠯᠡᠨ᠂ ᠲᠠᠷᠢᠶᠠᠴᠢᠳ ᠤᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨᠬᠦ ᠴᠢᠩᠭᠠᠷᠠᠭᠤᠯᠵᠤ ᠪᠠᠶᠢᠨ᠎ᠠ᠃ |